ᠲᠤᠰ ᠵᠢᠯ ᠤᠨ ᠮᠡᠳᠡᠭᠦᠯᠤᠯᠲᠡ ᠨᠢ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠣᠷ᠎ᠠ ᠳᠦᠭᠦᠮᠴᠢᠯᠡᠭᠡᠳ ᠳᠦᠷᠢᠮ ᠭᠡᠨ᠎ᠡ︶᠂ | ᠤᠯᠠᠭᠠᠨᠬᠠᠲᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ︽ | 2013 ᠣᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠢᠯ ᠤᠨ ᠮᠡᠳᠡᠭᠦᠯᠦᠯᠲᠡ ᠶᠢ | ᠮᠡᠳᠡᠭᠦᠯᠤᠨ ᠬᠦᠷᠭᠡᠬᠦ ᠲᠣᠬᠠᠢ ᠮᠡᠳᠡᠭᠳᠡᠯ︾ ︵ᠤᠯᠠᠭᠠᠨᠬᠠᠲᠠ ᠵᠠᠰᠠᠭ ᠠᠯᠪᠠᠨ ᠦᠰᠦᠭ〔2014〕1 ᠳ᠋ᠦ᠋ᠭᠡᠷ︶ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠡᠵᠦ ᠨᠠᠶᠢᠷᠠᠭᠤᠯᠤᠨ ᠪᠢᠴᠢᠵᠠᠢ᠃ ᠮᠡᠳᠡᠭᠳᠡᠯ ᠤᠨ ᠱᠠᠭᠠᠷᠳᠠᠯᠭ᠎ᠠ ᠶᠢ | ᠦᠨᠳᠤᠰᠤᠯᠡᠵᠤ᠂ ᠲᠤᠰ ᠵᠢᠯ ᠤᠨ ᠮᠡᠳᠡᠭᠦᠯᠦᠯᠲᠡ ᠨᠢ ᠲᠤᠰ ᠵᠢᠯ ᠳᠣᠲᠤᠷᠠᠬᠢ ᠵᠠᠰᠠᠭ ᠵᠠᠬᠢᠷᠭᠠᠨ ᠤ | ᠪᠠᠶᠢᠭᠤᠯᠤᠯᠭ᠎ᠠ ᠶᠢᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠶᠢᠮᠤᠴᠢᠯᠠᠨ ᠦᠭᠦᠯᠡᠬᠦ | ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠢᠯ ᠳᠣᠲᠤᠷ᠎ᠠ | ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ᠂ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ᠂ ᠵᠠᠭᠠᠯᠲᠤᠬᠤ ᠪᠠᠶᠢᠳᠠᠯ ᠢ | ᠬᠦᠯᠢᠶᠡᠨ ᠠᠪᠬᠤ ᠵᠢᠴᠢ ᠰᠢᠢᠳᠪᠦᠷᠢᠯᠡᠬᠦ ᠦᠷ᠎ᠡ ᠳ᠋ᠦᠩ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠭᠰᠠᠨ ᠠᠴᠠ ᠪᠣᠯᠵᠤ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ | ᠳᠤᠷᠠᠳᠬᠤ ᠪᠠᠶᠢᠳᠠᠯ᠂ ᠣᠷᠤᠰᠢᠵᠤ ᠪᠠᠶᠢᠭ᠎ᠠ ᠠᠰᠠᠭᠤᠳᠠᠯ ᠪᠠ ᠰᠠᠶᠢᠵᠢᠷᠠᠭᠤᠯᠤᠭᠰᠠᠨ ᠪᠠᠶᠢᠳᠠᠯ ᠵᠡᠷᠭᠡ 6 ᠲᠠᠯ᠎ᠠ ᠶᠢᠨ | ᠠᠭᠤᠯᠭ᠎ᠠ ᠪᠠᠷ ᠪᠦᠷᠢᠯᠳᠤᠪᠡ᠃ ᠲᠤᠰ ᠮᠡᠳᠡᠭᠦᠯᠦᠯᠲᠡ ᠳᠤ ᠵᠢᠭᠰᠠᠭᠠᠵᠤ ᠪᠠᠶᠢᠭ᠎ᠠ ᠲᠤᠭ᠎ᠠ ᠪᠠᠷᠢᠮᠲᠠ ᠶᠢᠨ | ᠪᠦᠷᠢᠳᠭᠡᠯ ᠤᠨ ᠬᠤᠭᠤᠴᠠᠭ᠎ᠠ ᠪᠣᠯ 2013 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠤ 2013 ᠣᠨ ᠤ | 12 ᠰᠠᠷ᠎ᠠ ᠶᠢᠨ 31 ᠤ ᠡᠳᠦᠷ ᠳᠠᠭᠤᠰᠤᠨ᠎ᠠ᠃ | ᠨᠢᠭᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠶᠢᠮᠤᠴᠢᠯᠠᠨ ᠦᠭᠦᠯᠡᠬᠦ | ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠪᠦᠲᠤᠭᠡᠨ ᠪᠠᠶᠢᠭᠤᠯᠤᠯᠲᠠ ᠪᠠ ᠵᠠᠷᠤᠳᠠᠯ ᠢ ᠪᠠᠲᠤᠯᠠᠬᠤ ᠪᠠᠶᠢᠳᠠᠯ | 2013 ᠣᠨ ᠳᠤ᠂ ᠮᠠᠨ ᠤ ᠬᠤᠰᠢᠭᠤ ᠴᠢᠮᠡᠭᠡ ᠵᠠᠩᠭᠢ ᠶᠢᠨ ᠠᠵᠢᠯ ᠤᠨ ᠬᠡᠷᠡᠭᠴᠡᠭᠡ ᠶᠢ ᠦᠨᠳᠤᠰᠤᠯᠡᠵᠦ᠂ | ᠦᠷᠬᠦᠯᠵᠢᠯᠡᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠭᠡᠰᠢᠭᠦᠨ ᠢ ᠲᠣᠬᠢᠷᠠᠭᠤᠯᠬᠤ | ᠪᠠ ᠲᠡᠭᠦᠯᠳᠡᠷᠵᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠬᠤᠰᠢᠭᠤᠨ ᠹᠠᠩ ᠷᠦᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠣᠭᠤᠶᠢᠯᠠᠩ ᠤᠨ | ᠳᠣᠭᠤᠶᠢᠯᠠᠩ ᠤᠨ ᠳᠠᠷᠤᠭ᠎ᠠ ᠶᠢ ᠡᠭᠦᠷᠭᠡᠯᠡᠵᠦ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠤᠳᠤᠷᠢᠳᠪᠠ᠃ ᠬᠤᠰᠢᠭᠤᠨ ᠤ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠤᠶᠢᠯᠡᠴᠢᠯᠡᠭᠡᠨ ᠤ ᠲᠦᠪ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ | ᠳᠣᠭᠤᠶᠢᠯᠠᠩ ᠤᠨ ᠠᠯᠪᠠᠨ ᠭᠡᠷ ᠪᠣᠯᠭᠠᠵᠤ᠂ ᠲᠦᠪ ᠤᠨ ᠡᠷᠬᠢᠯᠡᠭᠴᠢ ᠶᠢᠨ ᠳᠠᠭᠠᠭᠤᠯᠭ᠎ᠠ ᠳᠣᠣᠷ᠎ᠠ᠂ ᠴᠢᠮᠡᠭᠡ | ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠪᠦᠬᠦ | ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠡᠳᠤᠷ ᠳᠣᠲᠤᠮ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠪᠠ᠃ | ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠠᠷᠤᠳᠠᠯ ᠢ ᠵᠢᠯ ᠤᠨ | ᠳᠦᠰᠤᠪ ᠲᠤ ᠣᠷᠤᠭᠤᠯᠵᠤ᠂ ᠵᠢᠯ ᠪᠦᠷᠢ 5 ᠲᠦᠮᠡᠨ ᠲᠦᠭᠦᠷᠢᠭ ᠲᠣᠬᠢᠷᠠᠭᠤᠯᠵᠤ ᠵᠠᠰᠠᠭ ᠤᠨ ᠣᠷᠳᠣᠨ ᠤ ᠫᠣᠷᠲ᠋ᠧᠯ | ᠰᠦᠯᠵᠢᠶᠡᠨ ᠤ ᠴᠡᠭ ᠢᠶᠠᠷ ᠭᠤᠣᠯ ᠠᠷᠭ᠎ᠠ ᠵᠠᠮ ᠪᠣᠯᠭᠠᠭᠰᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠠᠵᠢᠯ ᠳᠤ ᠬᠡᠷᠡᠭᠯᠡᠨ᠎ᠡ᠃ | 2013 ᠣᠨ ᠳᠤ᠂ ᠬᠤᠰᠢᠭᠤᠨ ᠤ ᠵᠠᠰᠠᠭ ᠤᠨ ᠣᠷᠳᠣᠨ 276 ᠲᠦᠮᠡᠨ ᠲᠦᠭᠦᠷᠢᠭ ᠪᠡᠯᠡ ᠣᠷᠤᠭᠤᠯᠵᠤ | ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠰᠠᠭᠤᠷᠢ ᠲᠦᠭᠦᠭᠡᠷᠤᠮᠵᠢ ᠵᠢᠴᠢ ᠵᠠᠰᠠᠭ ᠤᠨ ᠣᠷᠳᠣᠨ ᠤ | ᠰᠦᠯᠵᠢᠶᠡᠨ ᠤ ᠴᠡᠭ ᠤᠨ ᠪᠦᠯᠦᠭ ᠢ ᠡᠬᠢᠯᠡᠨ ᠪᠦᠳᠤᠭᠡᠨ ᠪᠠᠶᠢᠭᠤᠯᠵᠤ᠂ ᠣᠳᠤ ᠨᠢᠭᠡᠨᠲᠡ ᠲᠠᠭᠤᠰᠴᠤ ᠬᠡᠷᠡᠭᠯᠡᠭᠡᠨ ᠳᠤ | ᠣᠷᠤᠭᠤᠯᠵᠤ᠂ ᠰᠦᠯᠵᠢᠶᠡᠨ ᠤ ᠴᠡᠭ ᠤᠨ ᠠᠭᠤᠯᠭ᠎ᠠ ᠨᠢ ᠮᠦᠨ ᠲᠠᠰᠤᠷᠠᠯᠲᠠ ᠦᠭᠡᠢ ᠲᠡᠭᠦᠯᠳᠡᠷᠵᠢᠭᠦᠯᠵᠤ | ᠲᠣᠬᠢᠷᠠᠭᠤᠯᠬᠤ ᠳᠤᠮᠳᠠ ᠪᠠᠨ ᠪᠠᠶᠢᠨ᠎ᠠ᠃ | ︵ᠬᠤᠶᠠᠷ︶ ︽ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ︾ ᠪᠠ ︽ | ᠵᠠᠰᠠᠭ ᠤᠨ ᠣᠷᠳᠣᠨ ᠤ ᠢᠯᠡ ᠪᠣᠯᠭᠠᠬᠤ ᠭᠠᠷᠴᠠᠭ ︾ ᠢ ᠰᠢᠨᠡᠳᠭᠡᠵᠦ ᠲᠡᠭᠦᠯᠳᠡᠷᠵᠢᠭᠦᠯᠦᠭᠰᠡᠨ ᠪᠠᠶᠢᠳᠠᠯ | ᠡᠷᠬᠡᠳᠤ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠢᠯᠡ ᠪᠣᠯᠭᠠᠬᠤ ᠤᠶᠢᠯᠡᠴᠢᠯᠡᠭᠡ ᠶᠢ ᠣᠯᠬᠤ ᠳᠤ ᠳᠦᠭᠦᠮ ᠦᠵᠡᠭᠦᠯᠬᠦ ᠶᠢᠨ ᠲᠦᠯᠦᠭᠡ᠂ ︽ | ᠳᠦᠷᠢᠮ︾ ᠲᠣᠭᠲᠠᠭᠠᠯ ᠢ ᠦᠨᠳᠤᠰᠤᠯᠡᠵᠦ ᠂ ᠢᠯᠡ ᠪᠣᠯᠭᠠᠬᠤ ᠤᠳᠤᠷᠢᠳᠤᠮᠵᠢ ᠶᠢ ᠨᠠᠶᠢᠷᠠᠭᠤᠯᠤᠨ ᠪᠢᠴᠢᠪᠡ᠃ | ᠵᠠᠰᠠᠭ ᠤᠨ ᠣᠷᠳᠣᠨ ᠤ ᠴᠢᠮᠡᠭᠡ ᠵᠠᠩᠭᠢ ᠶᠢᠨ ᠤᠶᠢᠯᠡᠴᠢᠯᠡᠭᠡ ᠶᠢ ᠣᠯᠬᠤ ᠬᠡᠷᠡᠭᠴᠡᠭᠡ ᠲᠠᠢ ᠡᠷᠬᠡᠲᠦ ᠠᠷᠠᠳ᠂ | ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ︽ᠤᠳᠤᠷᠢᠳᠤᠮᠵᠢ︾ ᠶᠢ ᠣᠩᠰᠢᠵᠤ ᠪᠣᠯᠤᠨ᠎ᠠ᠃ ︽ | ᠤᠳᠤᠷᠢᠳᠤᠮᠵᠢ︾ ᠶᠢ ᠵᠠᠰᠠᠭ ᠤᠨ ᠣᠷᠳᠣᠨ ᠤ ᠰᠦᠯᠵᠢᠶᠡᠨ ᠤ ᠴᠡᠭ ︵ᠰᠦᠯᠵᠢᠶᠡᠨ ᠤ ᠬᠠᠶ᠋ᠢᠭ http://www. | wnt.gov.cn︶ ᠳᠡᠭᠡᠷ᠎ᠡ ᠡᠷᠢᠵᠤ ᠦᠵᠡᠵᠤ ᠪᠣᠯᠤᠨ᠎ᠠ᠃ 2013 ᠣᠨ ᠳᠤ ᠵᠠᠰᠠᠭ ᠤᠨ ᠣᠷᠳᠣᠨ ᠤ ᠫᠣᠷᠲ᠋ᠧᠯ | ᠰᠦᠯᠵᠢᠶᠡᠨ ᠤ ᠴᠡᠭ ᠲᠤ ᠳᠠᠬᠢᠨ ᠲᠣᠬᠢᠷᠠᠭᠤᠯᠤᠯᠲᠠ ᠬᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠤᠨ ᠤᠶᠢᠯᠡᠴᠢᠯᠡᠭᠡ ᠭᠡᠬᠦ ᠬᠤᠶᠠᠷ ᠲᠤᠰᠬᠠᠢ ᠪᠣᠯᠤᠩ ᠢ ᠪᠠᠶᠢᠭᠤᠯᠪᠠ᠃ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ᠂ ᠬᠡᠯᠪᠡᠷᠢ ᠵᠡᠷᠭᠡ ᠠᠭᠤᠯᠭ᠎ᠠ ᠳᠤ ᠲᠠᠶᠢᠯᠪᠤᠷᠢ ᠬᠢᠵᠤ᠂ | ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠠᠭᠤᠯᠭ᠎ᠠ ᠳᠤ ᠰᠢᠢᠳᠪᠦᠷᠢᠯᠡᠬᠦ ᠶᠠᠪᠤᠴᠠ ᠶᠢ ᠲᠣᠭᠲᠠᠭᠠᠵᠤ᠂ | ᠬᠢᠨᠠᠯᠲᠠ ᠲᠠᠯᠪᠢᠬᠤ ᠪᠠ ᠵᠠᠭᠠᠯᠳᠤᠬᠤ ᠠᠷᠭ᠎ᠠ ᠬᠡᠯᠪᠡᠷᠢ ᠶᠢ ᠬᠠᠩᠭᠠᠪᠠ᠃ ᠵᠠᠰᠠᠭ ᠤᠨ ᠣᠷᠳᠣᠨ ᠤ ᠫᠣᠷᠲ᠋ᠧᠯ | ᠰᠦᠯᠵᠢᠶᠡᠨ ᠤ ᠴᠡᠭ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠭᠠᠷᠴᠠᠭ ᠤᠨ ᠪᠣᠯᠤᠩ ᠢ | ᠪᠠᠶᠢᠭᠤᠯᠵᠤ᠂ ᠴᠢᠮᠡᠭᠡ ᠵᠠᠩᠭᠢ ᠶᠢ ᠲᠦᠷᠤᠯ ᠬᠤᠪᠢᠶᠠᠵᠤ᠂ ᠠᠯᠢᠪᠠ ᠳᠡᠳ᠋ ᠭᠠᠷᠴᠠᠭ ᠢ ᠦᠵᠡᠮᠡᠭᠴᠡ ᠲᠣᠪ ᠲᠤᠳᠤᠷᠬᠠᠢ | ᠃ | ︵ᠭᠤᠷᠪᠠ︶ ᠠᠵᠢᠯ ᠤᠨ ᠲᠣᠭᠲᠠᠴᠠ ᠪᠠ ᠳᠦᠷᠢᠮ ᠢ ᠪᠠᠶᠢᠭᠤᠯᠵᠤ ᠲᠡᠭᠦᠯᠳᠡᠷᠵᠢᠭᠦᠯᠦᠭᠰᠡᠨ ᠪᠠᠶᠢᠳᠠᠯ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠬᠤᠯᠪᠤᠭᠳᠠᠯ ᠪᠦᠬᠦᠢ ᠠᠵᠢᠯ ᠤᠨ ᠳᠦᠷᠢᠮ ᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠨ | ᠪᠠᠶᠢᠴᠠᠭᠠᠯᠲᠠ ᠬᠢᠵᠤ᠂ ᠪᠦᠬᠦ ᠬᠤᠰᠢᠭᠤᠨ ᠤ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠡᠯ᠎ᠡ ᠵᠤᠶᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠳᠤᠷᠢᠳᠤᠯᠭ᠎ᠠ | ᠬᠤᠪᠢᠶᠠᠨ ᠬᠠᠮᠢᠶᠠᠷᠬᠤ᠂ ᠡᠳᠤᠷ ᠳᠣᠲᠤᠮ ᠤᠨ ᠠᠵᠢᠯ ᠤᠨ ᠬᠠᠷᠢᠭᠤᠴᠠᠯᠭ᠎ᠠ ᠶᠢ ᠬᠦᠮᠦᠨ ᠳᠤ ᠬᠦᠷᠭᠡᠬᠦ ᠶᠢ | ᠪᠡᠶᠡᠯᠡᠭᠦᠯᠪᠡ᠃ ᠡᠯ᠎ᠡ ᠨᠢᠭᠡᠴᠡ ᠶᠢᠨ ᠢᠯᠡ ᠪᠣᠯᠭᠠᠬᠤ ᠴᠢᠬᠤᠯᠠ ᠲᠠᠢ ᠠᠭᠤᠯᠭ᠎ᠠ᠂ ᠬᠡᠯᠪᠡᠷᠢ ᠵᠢᠴᠢ ᠬᠢᠨᠠᠨ ᠰᠢᠯᠭᠠᠬᠤ | ᠵᠦᠪᠯᠡᠨ ᠲᠣᠭᠲᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠤᠷᠬᠠᠶᠢᠯᠠᠪᠠ᠃ ᠡᠯ᠎ᠡ ᠰᠠᠯᠠᠭ᠎ᠠ ᠮᠦᠴᠢᠷ ᠢ | ᠱᠠᠭᠠᠷᠳᠠᠵᠤ ᠲᠤᠰ ᠨᠢᠭᠡᠴᠡ ᠶᠢᠨ ᠢᠶᠠᠨ ᠦᠨᠳᠤᠰᠤᠨ ᠪᠠᠶᠢᠳᠠᠯ᠂ ᠵᠢᠱᠢᠶᠡᠯᠡᠪᠡᠯ᠄ ᠪᠠᠶᠢᠭᠤᠯᠤᠮᠵᠢ ᠪᠠᠶᠢᠭᠤᠯᠬᠤ᠂ | ᠲᠤᠰᠢᠶᠠᠯ ᠬᠠᠷᠢᠭᠤᠴᠠᠯᠭ᠎ᠠ᠂ ᠡᠷᠬᠡ ᠲᠤᠰᠢᠶᠠᠯ᠂ ᠠᠵᠢᠯ ᠡᠷᠬᠢᠯᠡᠬᠦ ᠭᠡᠷᠡᠴᠢ ᠪᠠᠷᠢᠮᠲᠠ᠂ ᠴᠢᠬᠤᠯᠠ ᠡᠯᠧᠮᠧᠨ᠋ᠲ ᠪᠠ | ᠴᠠᠭ ᠤᠨ ᠬᠢᠵᠠᠭᠠᠷᠯᠠᠯ᠂ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ ᠪᠠ ᠵᠠᠰᠠᠭ ᠤᠨ ᠶᠠᠪᠤᠳᠠᠯ ᠤᠨ ᠰᠢᠢᠳᠪᠤᠷᠢ | ᠵᠡᠷᠭᠡ ᠶᠢ ᠢᠯᠡ ᠪᠣᠯᠭᠠᠪᠠ᠃ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ | ᠭᠡᠷ ᠠᠴᠠ ᠬᠠᠷᠢᠭᠤᠴᠠᠨ ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠣᠯᠭᠠᠬᠤ | ᠪᠦᠯᠦᠭ ᠢ ᠪᠠᠶᠢᠭᠤᠯᠵᠤ᠂ ᠴᠠᠭ ᠲᠣᠬᠠᠢ ᠳᠤᠨᠢ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠮᠠᠲ᠋ᠧᠷᠢᠶᠠᠯ ᠢ | ᠳᠡᠭᠡᠭᠰᠢ ᠳᠠᠮᠵᠢᠭᠤᠯᠵᠤ᠂ ᠴᠠᠭ ᠲᠣᠬᠠᠢ ᠳᠤᠨᠢ ᠢᠯᠡ ᠪᠣᠯᠭᠠᠬᠤ ᠴᠢᠬᠤᠯᠠ ᠲᠠᠢ ᠴᠢᠮᠡᠭᠡ ᠵᠠᠩᠭᠢ ᠶᠢ ᠮᠡᠳᠡᠭᠳᠡᠪᠡ᠃ | ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠡᠭ ᠳᠡᠭᠡᠷ᠎ᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ | ᠢᠯᠡ ᠪᠣᠯᠭᠠᠬᠤ ᠬᠤᠯᠪᠤᠭᠳᠠᠯ ᠪᠦᠭᠦᠢ ᠳᠦᠷᠢᠮ ᠤᠨ ᠲᠤᠰᠬᠠᠢ ᠪᠣᠯᠤᠩ ᠢ ᠪᠠᠶᠢᠭᠤᠯᠪᠠ᠃ | ︵ᠳᠥᠷᠪᠡ︶ ᠬᠤᠯᠪᠤᠭᠳᠠᠯ ᠪᠦᠬᠦᠢ ᠪᠦᠷᠢᠨ ᠲᠦᠭᠦᠷ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠ | ᠨᠠᠶᠢᠲᠠᠪᠦᠷᠢᠵᠢᠭᠤᠯᠤᠭᠰᠠᠨ ᠪᠠᠶᠢᠳᠠᠯ | ᠬᠤᠯᠪᠤᠭᠳᠠᠯ ᠪᠦᠬᠦᠢ ᠪᠦᠷᠢᠨ ᠲᠦᠭᠦᠷ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠨᠠᠶᠢᠲᠠᠪᠤᠷᠢᠵᠢᠭᠤᠯᠬᠤ | ᠲᠠᠯ᠎ᠠ ᠪᠠᠷ᠂ 2013 ᠣᠨ ᠳᠤ ᠮᠠᠨ ᠤ ᠬᠤᠰᠢᠭᠤ 60 ᠲᠦᠮᠡ ᠢᠯᠡᠭᠦᠦ ᠪᠡᠯᠡ ᠣᠷᠤᠭᠤᠯᠵᠤ 7ᠰᠣᠮᠣ | ᠪᠠᠯᠭᠠᠰᠤ ᠶᠢᠨ ᠳᠦᠭᠦᠮ ᠦᠵᠡᠭᠦᠯᠬᠦ ᠤᠶᠢᠯᠡᠴᠢᠯᠡᠭᠡᠨ ᠤ ᠲᠦᠪ᠂ 25 ᠳᠦᠭᠦᠮ ᠦᠵᠡᠭᠦᠯᠬᠦ ᠤᠶᠢᠯᠡᠴᠢᠯᠡᠭᠡᠨ ᠤ | ᠴᠡᠭ ᠢ ᠪᠠᠶᠢᠭᠤᠯᠪᠠ᠃ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠤᠶᠢᠯᠡᠴᠢᠯᠡᠭᠡᠨ ᠤ ᠲᠦᠪ ᠠᠴᠠ | 7 ᠰᠣᠮᠣ ᠪᠠᠯᠭᠠᠰᠤᠨ ᠤ ᠳᠦᠭᠦᠮ ᠦᠵᠡᠭᠦᠯᠬᠦ ᠤᠶᠢᠯᠡᠴᠢᠯᠡᠭᠡᠨ ᠤ ᠲᠦᠪ ᠲᠤ ᠨᠢᠭᠡᠳᠤᠯᠲᠡᠢ ᠠᠯᠪᠠᠨ ᠭᠡᠷ ᠤᠨ | ᠬᠡᠷᠡᠭᠰᠡᠯ ᠲᠣᠬᠢᠷᠠᠭᠤᠯᠵᠤ᠂ ᠨᠢᠭᠡᠲᠤᠯᠲᠡᠢ ᠵᠢᠷᠤᠭ ᠤᠨ ᠪᠠᠷ ᠬᠢᠵᠤ᠂ ᠨᠢᠭᠡᠲᠤᠯᠲᠡᠢ ᠠᠵᠢᠯᠲᠠᠨ ᠢ ᠲᠣᠬᠢᠷᠠᠭᠤᠯᠬᠤ ᠪᠠ | ᠪᠣᠯᠪᠠᠰᠤᠷᠠᠭᠤᠯᠵᠤ᠂ ᠳᠦᠭᠦᠮ ᠦᠵᠡᠭᠦᠯᠬᠦ ᠤᠶᠢᠯᠡᠴᠢᠯᠡᠭᠡ ᠶᠢ ᠪᠦᠷᠬᠦᠭᠦᠯᠬᠦ ᠨᠣᠷᠮ᠎ᠡ ᠪᠦᠬᠦ ᠬᠤᠰᠢᠭᠤᠨ ᠤ ᠬᠦᠮᠦᠨ | ᠠᠮᠠ ᠶᠢᠨ 50 % ᠲᠤ ᠬᠦᠷᠴᠤ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠬᠦ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠡᠢ᠃ ᠠᠷᠠᠳ ᠲᠤ ᠳᠦᠭᠦᠮ ᠦᠵᠡᠭᠦᠯᠬᠦ ᠤᠶᠢᠯᠡᠴᠢᠯᠡᠭᠡ ᠶᠢᠨ | ᠵᠤᠶᠢᠯᠡᠰ ᠢ ᠳᠠᠬᠢᠨ ᠡᠮᠬᠢᠯᠡᠵᠦ᠂ ᠵᠤᠶᠢᠯ ᠪᠦᠷᠢ ᠶᠢᠨ ᠠᠵᠢᠯ ᠡᠷᠬᠢᠯᠡᠬᠦ ᠭᠡᠷᠡᠴᠢ ᠪᠠᠷᠢᠮᠲᠠ᠂ ᠬᠡᠷᠡᠭᠯᠡᠬᠦ ᠮᠠᠲ᠋ᠧᠷᠢᠶᠠᠯ᠂ | ᠠᠵᠢᠯ ᠡᠷᠬᠢᠯᠡᠬᠦ ᠶᠠᠪᠤᠴᠠ᠂ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠳᠠᠷᠤᠮᠯᠠᠵᠤ ᠤᠶᠢᠯᠡᠴᠢᠯᠡᠬᠦ ᠤᠳᠤᠷᠢᠳᠤᠮᠵᠢ ᠶᠢᠨ | ᠳᠡᠪᠲᠡᠷ ᠪᠣᠯᠭᠠᠪᠠ᠃ ᠬᠢᠲᠠᠳ ᠬᠡᠯᠡ ᠶᠢᠨ ᠤᠶᠢᠯᠡᠴᠢᠯᠡᠭᠡ ᠶᠢᠨ ᠤᠳᠤᠷᠢᠳᠤᠮᠵᠢ ᠶᠢ ᠳᠠᠷᠤᠮᠯᠠᠵᠤ ᠬᠢᠬᠦ ᠶᠢᠨ ᠵᠡᠷᠭᠡᠪᠡᠷ᠂ | ᠮᠣᠩᠭᠤᠯ ᠬᠡᠯᠡᠨ ᠤ ᠤᠶᠢᠯᠡᠴᠢᠯᠡᠭᠡ ᠶᠢᠨ ᠤᠳᠤᠷᠢᠳᠤᠮᠵᠢ ᠶᠢ ᠳᠠᠷᠤᠮᠯᠠᠨ ᠬᠢᠵᠤ᠂ ᠪᠦᠬᠦ ᠬᠤᠰᠢᠭᠤᠨ ᠤ ᠠᠷᠠᠳ | ᠲᠦᠮᠡᠨ ᠳᠤ ᠴᠢᠷᠮᠠᠶᠢᠨ ᠤᠶᠢᠯᠡᠴᠢᠯᠡᠪᠡ᠃ ᠡᠯ᠎ᠡ ᠵᠤᠶᠢᠯ ᠤᠨ ᠤᠶᠢᠯᠡᠴᠢᠯᠡᠭᠡ ᠶᠢᠨ ᠳᠦᠷᠢᠮ ᠢ ᠳᠡᠪᠲᠡᠷ ᠪᠣᠯᠭᠠᠨ᠂ | ᠡᠷᠢᠵᠤ ᠦᠵᠡᠬᠦ ᠳᠤ ᠳᠦᠭᠦᠮ ᠪᠣᠯᠭᠠᠪᠠ᠃ | ︵ᠲᠠᠪᠤ︶ ᠤᠬᠠᠭᠤᠯᠵᠤ ᠪᠣᠯᠪᠠᠰᠤᠷᠠᠭᠤᠯᠤᠭᠰᠠᠨ ᠪᠠᠶᠢᠳᠠᠯ | ︽ᠳᠦᠷᠢᠮ︾ ᠢ ᠬᠡᠷᠡᠭᠵᠢᠭᠦᠯᠬᠦ ᠤᠬᠠᠭᠤᠯᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠮᠠᠨ ᠤ | ᠬᠤᠰᠢᠭᠤ ︽ᠳᠦᠷᠢᠮ︾ ᠢ ᠲᠠᠷᠬᠠᠭᠠᠬᠤ ᠪᠠᠷ ᠳᠠᠮᠵᠢᠵᠤ᠂ ᠪᠠᠶᠢᠭᠤᠯᠤᠯᠭ᠎ᠠ ᠶᠢᠨ ᠺᠠᠲᠠᠷ ᠠᠵᠢᠯᠲᠠᠨ ᠢ ᠬᠢᠨᠠᠮᠠᠭᠠᠢ | ᠵᠣᠬᠢᠶᠠᠨ ᠪᠠᠶᠢᠭᠤᠯᠵᠤ ᠰᠤᠷᠤᠯᠴᠠᠯᠭ᠎ᠠ ᠪᠣᠯᠪᠠᠰᠤᠷᠠᠯ ᠳᠤ ᠣᠷᠤᠯᠴᠠᠬᠤ᠂ ᠲᠠᠶᠢᠯᠪᠤᠷᠢ ᠦᠷᠨᠢᠭᠦᠯᠬᠦ ᠵᠡᠷᠭᠡ ᠠᠷᠭ᠎ᠠ | ᠬᠡᠯᠪᠡᠷᠢ ᠪᠠᠷ ︽ᠳᠦᠷᠢᠮ︾ ᠢ ᠤᠬᠠᠭᠤᠯᠵᠤ᠂ ︽ᠳᠦᠷᠢᠮ︾ ᠢ ᠬᠡᠷᠡᠭᠵᠢᠭᠦᠯᠬᠦ ᠳᠤ ᠶᠡᠭᠡ ᠣᠷᠴᠢᠨ ᠲᠣᠭᠤᠷᠢᠨ ᠢ | ᠡᠭᠦᠳᠴᠤ᠂ ᠰᠠᠶᠢᠨ ᠦᠷ᠎ᠡ ᠪᠦᠳᠤᠮᠵᠢ ᠣᠯᠪᠠ᠃ | 2013 ᠣᠨ ᠳᠤ᠂ ᠬᠤᠰᠢᠭᠤᠨ ᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠠᠵᠢᠯ ᠤᠨ ᠤᠳᠤᠷᠢᠳᠬᠤ ᠳᠣᠭᠤᠶᠢᠯᠠᠩ ᠠᠴᠠ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠡᠯ᠎ᠡ ᠨᠢᠭᠡᠴᠡ ᠶᠢᠨ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠤᠯᠴᠠᠵᠤ ᠪᠠᠶᠢᠭ᠎ᠠ ᠠᠵᠢᠯᠲᠠᠨ ᠢ 3 | ᠤᠳᠠᠭ᠎ᠠ ᠲᠦᠪᠯᠡᠷᠡᠭᠦᠯᠦᠨ ᠰᠤᠷᠤᠯᠴᠠᠭᠤᠯᠵᠤ᠂ 2 ᠤᠳᠠᠭ᠎ᠠ ᠪᠣᠯᠪᠠᠰᠤᠷᠠᠯ ᠤᠨ ᠠᠩᠭᠢ ᠡᠷᠬᠢᠯᠡᠵᠦ᠂ ᠪᠣᠯᠪᠠᠰᠤᠷᠠᠯ ᠳᠤ | ᠣᠷᠤᠯᠴᠠᠭᠰᠠᠨ ᠠᠵᠢᠯᠲᠠᠨ 140 ᠬᠦᠮᠦᠨ ᠤᠳᠠᠭ᠎ᠠ ᠳᠤ ᠬᠦᠷᠴᠡᠢ᠃ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢ ᠦᠷᠨᠢᠭᠦᠯᠦᠭᠰᠡᠨ ᠪᠠᠶᠢᠳᠠᠯ ᠳᠤ ᠪᠠᠶᠢᠴᠠᠭᠠᠬᠤ ᠠᠵᠢᠯ ᠬᠢᠵᠤ᠂ ᠬᠢᠨᠠᠨ ᠪᠠᠶᠢᠴᠠᠭᠠᠬᠤ ᠶᠢ | ᠨᠡᠶᠢᠲᠡᠯᠡᠬᠦ ᠶᠢ ᠪᠦᠷᠢᠯᠳᠤᠭᠦᠯᠵᠦ᠂ ᠡᠯ᠎ᠡ ᠨᠢᠭᠡᠴᠡ ᠬᠤᠯᠪᠤᠭᠳᠠᠯ ᠪᠦᠬᠦᠢ ᠠᠵᠢᠯ ᠢ ᠬᠢᠨᠠᠮᠠᠭᠠᠢ ᠪᠡᠶᠡᠯᠡᠬᠦᠯᠬᠦ ᠶᠢ | ᠱᠠᠭᠠᠷᠳᠠᠪᠠ᠃ | ᠬᠤᠶᠠᠷ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ | ᠪᠠᠶᠢᠳᠠᠯ | ︵ᠨᠢᠭᠡ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠭᠤᠯᠭ᠎ᠠ | ᠮᠠᠨ ᠤ ᠬᠤᠰᠢᠭᠤ ᠦᠪᠡᠷ ᠤᠨ ᠪᠣᠲᠠᠲᠠᠢ ᠲᠠᠢ ᠤᠶᠠᠯᠳᠤᠭᠤᠯᠤᠨ᠂ ᠬᠤᠯᠪᠤᠭᠳᠠᠯ ᠪᠦᠬᠦᠢ ᠬᠦᠮᠦᠰ ᠢ | ᠵᠣᠬᠢᠶᠠᠨ ᠪᠠᠶᠢᠭᠤᠯᠵᠤ ᠢᠯᠡ ᠪᠣᠯᠭᠠᠬᠤ ᠪᠠᠷ ᠪᠠᠶᠢᠬᠤ ᠠᠭᠤᠯᠭ᠎ᠠ ᠳᠤ ᠬᠢᠨᠠᠮᠠᠭᠠᠢ ᠡᠮᠬᠢᠯᠡᠯᠡᠲᠡ ᠬᠢᠵᠤ᠂ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠪᠠᠯ ᠵᠣᠬᠢᠬᠤ ᠬᠦᠷᠢᠶ᠎ᠡ ᠬᠡᠪᠴᠢᠶ᠎ᠡ ᠪᠠ ᠠᠭᠤᠯᠭ᠎ᠠ ᠶᠢ ᠪᠦᠷᠢᠮᠤᠰᠤᠨ | ᠡᠵᠡᠮᠰᠢᠭᠰᠡᠨ ᠪᠠᠶᠢᠳᠠᠯ ᠳᠣᠣᠷ᠎ᠠ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠤᠰᠤᠯᠡᠵᠦ | ᠢᠯᠡ ᠪᠣᠯᠭᠠᠬᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠲᠣᠳᠤᠷᠬᠠᠢ ᠢᠯᠭᠠᠵᠠᠢ᠃ ᠣᠨᠴᠠᠭᠠᠢ ᠲᠡᠥᠭᠡ ᠶᠢᠨ | ᠬᠤᠭᠤᠴᠠᠭᠠᠨ ᠳᠤ ᠪᠣᠢ ᠪᠣᠯᠤᠭᠰᠠᠨ ᠳᠦᠷᠢᠮᠵᠢᠯᠲᠤ ᠴᠢᠨᠠᠷ ᠲᠠᠢ ᠮᠠᠲ᠋ᠧᠷᠢᠶᠠᠯ᠂ ᠣᠳᠤ ᠪᠠᠷ ᠮᠦᠨᠴᠤ ᠨᠡᠶᠢᠳᠡᠮ | ᠬᠡᠷᠡᠭᠵᠢᠭᠦᠯᠵᠦ ᠪᠠᠶᠢᠭ᠎ᠠ ᠪᠣᠯ᠂ ᠬᠤᠯᠪᠤᠭᠳᠠᠯ ᠪᠦᠬᠦᠢ ᠳᠦᠷᠢᠮ ᠢ ᠦᠨᠳᠤᠰᠤᠯᠡᠵᠦ ᠢᠯᠡ ᠪᠣᠯᠭᠠᠨ᠎ᠠ᠃ ᠠᠵᠦ ᠠᠬᠤᠢ | ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠬᠡᠷᠡᠭᠵᠢᠭᠦᠯᠬᠦ ᠪᠣᠲᠠᠲᠠᠢ ᠤᠳᠬ᠎ᠠ | ᠠᠭᠤᠯᠭ᠎ᠠ ᠪᠠᠨ ᠠᠯᠳᠠᠭᠰᠠᠨ ᠪᠣᠯ ᠡᠷᠡᠰ ᠬᠦᠴᠦᠨ ᠦᠭᠡᠢ ᠪᠣᠯᠭᠠᠨ᠎ᠠ᠃ ︽ᠬᠡᠨ ᠬᠢᠪᠡᠯ᠂ ᠬᠡᠨ ᠬᠢᠨᠠᠨ ᠪᠠᠶᠢᠴᠠᠭᠠᠵᠤ᠂ | ᠬᠡᠨ ᠢᠯᠡ ᠪᠣᠯᠭᠠᠪᠠᠯ᠂ ᠬᠡᠨ ᠬᠠᠷᠢᠭᠤᠴᠠᠬᠤ︾ ᠪᠠ ︽ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ | ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ ᠶᠢ ᠤᠶᠠᠯᠳᠤᠭᠤᠯᠬᠤ︾ ᠵᠠᠷᠴᠢᠮ ᠢ ᠦᠨᠳᠦᠰᠦᠯᠡᠵᠦ᠂ ᠡᠯ᠎ᠡ | ᠨᠢᠭᠡᠴᠡ ᠶᠢ ᠱᠠᠭᠠᠷᠳᠠᠵᠤ ᠠᠯᠢᠪᠠ ᠵᠠᠰᠠᠭ ᠤᠨ ᠣᠷᠳᠣᠨ ᠤ ᠤᠶᠢᠯᠡ ᠠᠵᠢᠯᠯᠠᠭ᠎ᠠ ᠶᠢ ᠬᠠᠮᠢᠶᠠᠷᠬᠤ ᠲᠠᠢ ᠬᠤᠯᠪᠤᠭᠳᠠᠬᠤ | ᠡᠷᠬᠡ ᠲᠤᠰᠢᠶᠠᠯ᠂ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠢᠵᠠᠭᠠᠷᠯᠠᠯ᠂ ᠲᠦᠷᠤ ᠶᠢᠨ ᠪᠣᠳᠤᠯᠭ᠎ᠠ᠂ ᠬᠠᠥᠯᠢ | ᠴᠠᠭᠠᠵᠠ᠂ ᠬᠠᠥᠯᠢ ᠳᠦᠷᠢᠮ᠂ ᠡᠷᠬᠢᠯᠡᠬᠦ ᠵᠤᠶᠢᠯ᠂ ᠠᠵᠢᠯ ᠡᠷᠬᠢᠯᠡᠬᠦ ᠶᠠᠪᠤᠴᠠ᠂ ᠠᠵᠢᠯ ᠡᠷᠬᠢᠯᠡᠬᠦ ᠬᠤᠭᠤᠴᠠᠭ᠎ᠠ᠂ | ᠤᠶᠢᠯᠡᠴᠢᠯᠡᠬᠦ ᠲᠦᠷᠤᠯ ᠵᠤᠶᠢᠯ᠂ ᠡᠯ᠎ᠡ ᠲᠦᠷᠤᠯ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠵᠢᠴᠢ ᠭᠡᠷᠡᠴᠢ ᠪᠠᠷᠢᠮᠲᠠ᠂ | ᠨᠢᠭᠤᠴᠠ ᠶᠢ ᠬᠠᠮᠠᠭᠠᠯᠠᠬᠤ ᠳᠦᠷᠢᠮ ᠠᠴᠠ ᠵᠦᠷᠢᠴᠠᠬᠦ ᠦᠭᠡᠢ ᠪᠣᠯ᠂ ᠴᠢᠮᠡᠭᠡ ᠵᠠᠩᠭᠢ ᠶᠢ ᠢᠯᠡ ᠪᠣᠯᠭᠠᠬᠤ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ | ᠢᠯᠡ ᠪᠣᠯᠭᠠᠬᠤ ᠠᠭᠤᠯᠭ᠎ᠠ ᠳᠤ᠂ ᠢᠳᠡᠭᠡᠨ ᠡᠮ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠤᠨ | ᠪᠠᠶᠢᠳᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠰᠢᠯᠭᠠᠨ ᠬᠢᠨᠠᠬᠤ ᠪᠠᠶᠢᠳᠠᠯ ᠵᠡᠷᠭᠡ ᠠᠷᠠᠳ ᠣᠯᠠᠨ ᠤ | ᠠᠮᠢᠳᠤᠷᠠᠯ ᠲᠠᠢ ᠬᠤᠯᠪᠤᠭᠳᠠᠯ ᠪᠦᠬᠦᠢ ᠴᠢᠮᠡᠭᠡ ᠵᠠᠩᠭᠢ ᠶᠢ ᠭᠤᠣᠯᠴᠢᠯᠠᠨ ᠢᠯᠡ ᠪᠣᠯᠭᠠᠪᠠ᠃ ᠵᠠᠰᠠᠭ ᠤᠨ ᠣᠷᠳᠣᠨ ᠤ | ᠫᠣᠷᠲ᠋ᠧᠯ ᠰᠦᠯᠵᠢᠶᠡᠨ ᠤ ᠴᠡᠭ ᠳᠡᠭᠡᠷ᠎ᠡ᠂ ᠦᠨᠦᠳᠤᠷ ᠤᠨ ᠣᠩᠨᠢᠭᠤᠳ ᠬᠤᠰᠢᠭᠤ᠂ ᠦᠨᠳᠤᠰᠤᠨ ᠱᠠᠲᠤᠨ ᠤ | ᠬᠦᠳᠡᠯᠦᠩᠭᠦᠢ ᠪᠠᠶᠢᠳᠠᠯ ᠨᠢ ᠰᠢᠶᠠᠩ ᠪᠠᠯᠭᠠᠰᠤ ᠶᠢᠨ ᠠᠵᠢᠯ᠂ ᠣᠩᠨᠢᠭᠤᠳ ᠬᠤᠰᠢᠭᠤᠨ ᠤ ᠰᠢᠨ᠎ᠡ ᠳᠦᠷᠢ ᠳᠦᠷᠭᠦ ᠶᠢ | ᠴᠠᠭ ᠲᠣᠬᠠᠢ ᠳᠤᠨᠢ ᠲᠤᠰᠬᠠᠵᠤ ᠪᠠᠶᠢᠨ᠎ᠠ᠃ | ︵ᠬᠤᠶᠠᠷ︶ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠷᠭ᠎ᠠ ᠬᠡᠯᠪᠡᠷᠢ | ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠴᠢᠮᠡᠭᠡ ᠵᠠᠩᠭᠢ ᠶᠢ ᠢᠯᠡ ᠪᠣᠯᠭᠠᠬᠤ ᠳᠤ | ᠲᠤᠯᠭᠠᠭᠤᠷᠢ ᠪᠣᠯᠭᠠᠪᠠ᠃ ᠰᠦᠯᠵᠢᠶᠡᠨ ᠤ ᠴᠡᠭ ᠤᠨ ᠪᠣᠯᠤᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠰᠦᠯᠵᠢᠶᠡᠨ ᠤ ᠴᠡᠭ ᠢ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠳᠠᠪᠠᠭᠤᠯᠢᠭ ᠲᠠᠪᠴᠠᠩ ᠪᠣᠯᠭᠠᠪᠠ᠃ ᠵᠡᠷᠭᠡᠪᠡᠷ᠂ ᠢᠯᠡ ᠪᠣᠯᠭᠠᠪᠠᠯ ᠵᠣᠬᠢᠬᠤ ᠠᠭᠤᠯᠭ᠎ᠠ ᠶᠢ ᠤᠯᠠᠭᠠᠨᠬᠠᠲᠠ ᠬᠤᠲᠠ ᠶᠢᠨ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠤ ᠴᠡᠭ ᠳᠡᠭᠡᠷ᠎ᠡ ᠨᠡᠶᠢᠲᠡᠯᠡᠵᠦ᠂ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠬᠦᠴᠦᠨ ᠲᠠᠢ ᠦᠷᠭᠡᠳᠭᠡᠪᠡ᠃ | 2013 ᠣᠨ ᠳᠤ᠂ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠰᠠᠭᠤᠷᠢ ᠲᠦᠭᠦᠭᠡᠷᠤᠮᠵᠢ ᠵᠢᠴᠢ | ᠵᠠᠰᠠᠭ ᠤᠨ ᠣᠷᠳᠣᠨ ᠤ ᠰᠦᠯᠵᠢᠶᠡᠨ ᠤ ᠴᠡᠭ ᠤᠨ ᠪᠦᠯᠦᠭ ᠢ ᠳᠠᠬᠢᠨ ᠪᠠᠶᠢᠭᠤᠯᠵᠤ᠂ ᠴᠢᠮᠡᠭᠡ ᠵᠠᠩᠭᠢ ᠶᠢ ᠢᠯᠡ | ᠪᠣᠯᠭᠠᠬᠤ ᠪᠣᠯᠤᠩ ᠤᠨ ᠪᠠᠶᠢᠭᠤᠯᠤᠯᠲᠠ ᠶᠢ ᠳᠠᠬᠢᠨ ᠲᠣᠬᠢᠷᠠᠭᠤᠯᠵᠤ᠂ ᠲᠡᠭᠦᠨ ᠢ ᠨᠡᠩ ᠵᠣᠬᠢᠰᠲᠠᠢ᠂ ᠡᠷᠢᠵᠤ ᠦᠵᠡᠬᠦ | ᠳᠤ ᠳᠦᠭᠦᠮ ᠪᠣᠯᠭᠠᠪᠠ᠃ | 2013ᠣᠨ ᠳᠤ᠂ ᠪᠦᠬᠦ ᠵᠢᠯ ᠢᠶᠠᠷ ᠢᠶᠠᠨ ᠬᠤᠰᠢᠭᠤᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ | ᠤ ᠴᠡᠭ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠡᠯ᠎ᠡ ᠲᠦᠷᠤᠯ ᠤᠨ ᠴᠢᠮᠡᠭᠡ ᠵᠠᠩᠭᠢ ᠨᠡᠶᠢᠲᠡ 3900 | ᠢᠯᠡᠭᠦᠦ ᠵᠣᠷᠪᠤᠰ᠂ ᠵᠠᠰᠠᠭ ᠤᠨ ᠣᠷᠳᠣᠨ ᠤ ᠠᠵᠢᠯ ᠤᠨ ᠬᠦᠳᠡᠯᠦᠩᠭᠦᠢ ᠲᠦᠷᠤᠯ ᠤᠨ ᠴᠢᠮᠡᠭᠡ ᠵᠠᠩᠭᠢ ᠶᠢ 2100 | ᠢᠯᠡᠭᠦᠦ ᠵᠣᠷᠪᠤᠰ ᠰᠢᠨᠡᠳᠭᠡᠪᠡ᠃ ᠢᠯᠡ ᠪᠠᠶᠢᠴᠠᠭᠠᠨ ᠦᠵᠡᠬᠦ ᠲᠠᠯᠠᠪᠤᠷ ᠲᠤ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠪᠠᠶᠢᠴᠠᠭᠠᠨ ᠦᠵᠡᠭᠰᠡᠨ ᠬᠦᠮᠦᠨ ᠤ ᠲᠤᠭ᠎ᠠ 1000 ᠤᠳᠠᠭ᠎ᠠ ᠠᠴᠠ ᠳᠡᠭᠡᠭᠰᠢ ᠬᠦᠷᠴᠡᠢ᠃ ᠵᠠᠰᠠᠭ ᠤᠨ | ᠣᠷᠳᠣᠨ ᠤ ᠰᠦᠯᠵᠢᠶᠡᠨ ᠤ ᠴᠡᠭ ᠤᠨ ᠴᠢᠮᠡᠭᠡ ᠵᠠᠩᠭᠢ ᠶᠢ ᠢᠯᠡ ᠪᠣᠯᠭᠠᠭᠰᠠᠨ ᠲᠤᠰᠬᠠᠢ ᠪᠣᠯᠤᠩ ᠤᠨ ᠨᠢᠭᠤᠷ ᠢ | ᠰᠣᠷᠪᠤᠯᠵᠢᠯᠠᠭᠰᠠᠨ ᠲᠤᠭ᠎ᠠ 30000 ᠤᠳᠠᠭ᠎ᠠ ᠠᠴᠠ ᠳᠡᠭᠡᠭᠰᠢ ᠬᠦᠷᠴᠡᠢ᠃ | ᠭᠤᠷᠪᠠ᠂ ᠭᠤᠶᠤᠴᠢᠯᠠᠯ ᠢ ᠦᠨᠳᠦᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ | ᠪᠠᠶᠢᠳᠠᠯ | ᠭᠤᠶᠤᠴᠢᠯᠠᠯ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ | ᠳᠦᠷᠢᠮᠵᠢᠭᠦᠯᠬᠦ ᠲᠠᠯ᠎ᠠ ᠪᠠᠷ᠂ ᠮᠠᠨ ᠤ ᠬᠤᠰᠢᠭᠤ ᠭᠤᠶᠤᠴᠢᠯᠠᠯ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠢᠯᠡ ᠪᠣᠯᠭᠠᠬᠤ ᠠᠵᠢᠯ ᠤᠨ ᠶᠠᠪᠤᠴᠠ ᠶᠢ ᠲᠣᠭᠲᠠᠭᠠᠵᠤ᠂ ᠭᠤᠶᠤᠴᠢᠯᠠᠯ ᠢ ᠬᠦᠯᠢᠶᠠᠨ ᠠᠪᠬᠤ ᠡᠯ᠎ᠡ | ᠬᠤᠭᠤᠴᠠᠭ᠎ᠠ ᠳᠠᠬᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠴᠠᠭ ᠤᠨ ᠬᠢᠵᠠᠭᠠᠷᠯᠠᠯ ᠤᠨ ᠱᠠᠭᠠᠷᠳᠠᠯᠭ᠎ᠠ ᠶᠢ | ᠲᠣᠳᠤᠷᠬᠠᠶᠢᠯᠠᠵᠤ᠂ ᠰᠦᠯᠵᠢᠶᠡᠨ ᠤ ᠴᠡᠭ᠂ ᠵᠠᠬᠢᠳᠠᠯ ᠴᠢᠮᠡᠭᠡ᠂ ᠳᠦᠷᠰᠤ ᠨᠡᠪᠲᠡᠷᠡᠭᠦᠯᠬᠦ᠂ ᠢᠮᠧᠯ ᠵᠡᠷᠭᠡ | ᠭᠤᠶᠤᠴᠢᠯᠠᠯ ᠢ ᠦᠨᠳᠤᠰᠤᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠪᠦᠬᠦ | ᠲᠠᠯ᠎ᠠ ᠪᠠᠷ ᠰᠢᠯᠦᠭᠤᠳᠬᠠᠵᠠᠢ᠃ | 2013ᠣᠨ ᠳᠤ ᠨᠡᠶᠢᠲᠡ 2 ᠤᠳᠠᠭ᠎ᠠ ᠴᠢᠮᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠵᠤ᠂ | ᠪᠦᠬᠦᠨ ᠢ ᠬᠤᠰᠢᠭᠤᠨ ᠤ ᠴᠢᠮᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠤᠨ ᠠᠯᠪᠠᠨ ᠭᠡᠷ | ᠬᠦᠯᠢᠶᠡᠨ ᠠᠪᠴᠤ᠂ ᠢᠯᠡ ᠪᠣᠯᠭᠠᠬᠤ ᠪᠠᠷ ᠱᠠᠭᠠᠷᠳᠠᠭᠳᠠᠭᠰᠠᠨ ᠨᠢᠭᠡᠴᠡ ᠲᠠᠢ ᠬᠠᠷᠢᠯᠴᠠᠵᠤ᠂ ᠰᠠᠶᠢᠲᠤᠷ | ᠰᠢᠢᠳᠪᠤᠷᠢᠯᠡᠪᠡ᠃ | ᠳᠥᠷᠪᠡ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠲᠣᠬᠠᠢ ᠯᠠᠪᠯᠠᠨ ᠠᠰᠠᠭᠤᠬᠤ | ᠵᠠᠭᠠᠯᠳᠤᠬᠤ ᠶᠢ ᠬᠦᠯᠢᠶᠡᠨ ᠠᠪᠤᠭᠰᠠᠨ ᠪᠠᠶᠢᠳᠠᠯ ᠵᠢᠴᠢ ᠰᠢᠢᠳᠪᠤᠷᠢᠯᠡᠭᠰᠡᠨ ᠦᠷ᠎ᠡ ᠳ᠋ᠦᠩ | ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ ᠠᠵᠢᠯ ᠳᠤᠮᠳᠠ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠣᠭᠤᠶᠢᠯᠠᠩ ᠠᠯᠪᠠᠨ ᠭᠡᠷ ᠪᠠᠶᠢᠭᠤᠯᠵᠤ᠂ ᠵᠠᠰᠠᠭ ᠤᠨ | ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠯᠠᠪᠯᠠᠨ ᠠᠰᠠᠭᠤᠬᠤ ᠵᠠᠭᠠᠯᠳᠤᠬᠤ ᠪᠠ ᠰᠢᠢᠳᠪᠤᠷᠢᠯᠡᠬᠦ ᠳᠦᠷᠢᠮ ᠢ | ᠲᠣᠭᠲᠠᠭᠠᠵᠤ᠂ ᠦᠨᠳᠤᠰᠤᠨ ᠭᠤᠭᠴᠤᠭ᠎ᠠ ᠳᠠᠬᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠ ᠴᠠᠭ ᠤᠨ | ᠬᠢᠵᠠᠭᠠᠷᠯᠠᠯ ᠤᠨ ᠱᠠᠭᠠᠷᠳᠠᠯᠭ᠎ᠠ ᠶᠢ ᠲᠣᠳᠤᠷᠬᠠᠶᠢᠯᠠᠵᠦ᠂ ᠵᠠᠭᠠᠯᠳᠤᠬᠤ ᠠᠰᠠᠭᠤᠳᠠᠯ ᠢ ᠴᠠᠭ ᠲᠣᠬᠠᠢ ᠳᠤᠨᠢ | ᠰᠢᠢᠳᠪᠦᠷᠢᠯᠡᠪᠡ᠃ | 2013ᠣᠨ ᠳᠤ᠂ ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ | ᠲᠣᠬᠠᠢ ᠯᠠᠪᠯᠠᠨ ᠠᠰᠠᠭᠤᠬᠤ ᠵᠠᠭᠠᠯᠳᠤᠬᠤ ᠪᠠᠶᠢᠳᠠᠯ ᠡᠭᠦᠰᠤᠭ᠍ᠰᠡᠨ ᠦᠭᠡᠢ᠃ | ᠲᠠᠪᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠭᠰᠠᠨ ᠠᠴᠠ ᠪᠣᠯᠵᠤ ᠵᠠᠰᠠᠭ ᠵᠠᠬᠢᠷᠭᠠᠨ ᠤ | ᠳᠠᠬᠢᠨ ᠵᠦᠪᠯᠡᠬᠦ ᠶᠢ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ ᠳᠤᠷᠠᠳᠤᠭᠰᠠᠨ ᠪᠠᠶᠢᠳᠠᠯ | ᠮᠠᠨ ᠤ ᠬᠤᠰᠢᠭᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠢ ᠬᠢᠨᠠᠨ | ᠪᠠᠶᠢᠴᠠᠭᠠᠬᠤ ᠪᠠᠶᠢᠭᠤᠯᠤᠮᠵᠢ ᠶᠢ ᠠᠩᠬ᠎ᠠ ᠠᠯᠬᠤᠮ ᠪᠠᠶᠢᠭᠤᠯᠵᠤ᠂ ᠬᠤᠰᠢᠭᠤᠨ ᠤ ᠬᠢᠨᠠᠨ ᠪᠠᠶᠢᠴᠠᠭᠠᠬᠤ | ᠲᠣᠪᠴᠢᠶᠠᠨ ᠠᠴᠠ ᠡᠷᠬᠡᠲᠦ ᠠᠷᠠᠳ᠂ ᠬᠠᠥᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠮᠠᠨ ᠤ | ᠬᠤᠰᠢᠭᠤᠨ ᠤ ᠵᠠᠰᠠᠭ ᠤᠨ ᠣᠷᠳᠣᠨ ᠤ ᠪᠠᠶᠢᠭᠤᠯᠤᠯᠭ᠎ᠠ ᠵᠢᠴᠢ ᠠᠵᠢᠯᠳᠠᠨ ︽ᠳᠦᠷᠢᠮ︾ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠵᠠᠭᠠᠯᠳᠤᠬᠤ ᠶᠢ ᠬᠠᠷᠢᠭᠤᠴᠠᠵᠤ ᠬᠦᠯᠢᠶᠡᠨ ᠠᠪᠬᠤ ᠶᠢ ᠲᠣᠳᠤᠷᠬᠠᠶᠢᠯᠠᠵᠤ᠂ ᠭᠠᠳᠠᠭᠰᠢ ᠬᠠᠨᠳᠤᠭᠤᠯᠤᠭᠰᠠᠨ | ᠲᠤᠰᠬᠠᠢ ᠤᠲᠠᠰᠤ᠂ ᠳᠦᠷᠰᠦ ᠨᠡᠪᠲᠡᠷᠡᠭᠦᠯᠬᠦ ᠮᠠᠰᠢᠨ ᠪᠠ ᠢᠮᠧᠯ ᠲᠣᠬᠢᠷᠠᠭᠤᠯᠵᠤ᠂ ᠡᠯ᠎ᠡ ᠲᠦᠷᠤᠯ ᠤᠨ ᠨᠡᠶᠢᠭᠡᠮ ᠤᠨ | ᠵᠠᠭᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠭᠰᠡᠨ ᠮᠦᠷᠲᠡᠭᠡᠨ ᠨᠡᠶᠢᠳᠡᠮ ᠤᠨ ᠴᠢᠨᠠᠷᠲᠠᠢ ᠵᠠᠰᠠᠭ ᠵᠠᠬᠢᠷᠭᠠᠨ ᠤ | ᠦᠷ᠎ᠡ ᠪᠦᠳᠤᠮᠵᠢᠲᠤ ᠪᠠᠶᠢᠴᠠᠭᠠᠯᠲᠠ ᠶᠢ ᠦᠷᠨᠢᠭᠦᠯᠵᠦ᠂ ᠡᠯ᠎ᠡ ᠱᠠᠲᠤ᠂ ᠡᠯ᠎ᠡ ᠲᠦᠷᠤᠯ ᠤᠨ ᠵᠠᠰᠠᠭ ᠵᠠᠬᠢᠷᠭᠠᠨ ᠤ | ᠪᠠᠶᠢᠭᠤᠯᠤᠯᠭ᠎ᠠ ᠬᠠᠥᠯᠢ ᠶᠣᠰᠤᠭᠠᠷ ᠳᠦᠷᠢᠮ ᠢ ᠦᠨᠳᠤᠰᠦᠯᠡᠵᠦ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠬᠤ ᠡᠭᠦᠷᠭᠡ ᠶᠢ ᠬᠢᠨᠠᠮᠠᠭᠠᠢ ᠶᠠᠪᠤᠭᠳᠠᠭᠤᠯᠬᠤ ᠳᠤ ᠴᠢᠩᠭ᠎ᠠ ᠬᠢᠨᠠᠯᠲᠠ ᠲᠠᠯᠪᠢᠵᠤ᠂ ᠳᠦᠷᠢᠮ ᠠᠴᠠ ᠵᠦᠷᠢᠴᠡᠬᠦ | ᠤᠶᠢᠯᠡ ᠠᠵᠢᠯᠯᠠᠭ᠎ᠠ ᠪᠠ ᠦᠵᠡᠭᠳᠡᠯ ᠡᠭᠦᠰᠬᠦ ᠶᠢ ᠴᠢᠩᠭ᠎ᠠ ᠰᠡᠷᠭᠡᠶᠢᠯᠡᠪᠡ᠃ | 2013 ᠣᠨ ᠳᠤ᠂ ᠪᠦᠬᠦ ᠵᠢᠯ ᠢᠶᠠᠷ ᠢᠶᠠᠨ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ | ᠪᠣᠯᠭᠠᠭᠰᠠᠨ ᠠᠴᠠ ᠪᠣᠯᠤᠭᠰᠠᠨ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠳᠤᠷᠠᠳᠤᠭᠰᠠᠨ | ᠪᠠᠶᠢᠳᠠᠯ ᠦᠭᠡᠢ᠃ | ᠵᠢᠷᠭᠤᠭ᠎ᠠ᠂ ᠣᠷᠤᠰᠢᠵᠤ ᠪᠠᠶᠢᠭ᠎ᠠ ᠭᠤᠣᠯ ᠠᠰᠠᠭᠤᠳᠠᠯ ᠪᠠ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ | ︵ᠨᠢᠭᠡ︶ ᠣᠷᠤᠰᠢᠵᠤ ᠪᠠᠶᠢᠭ᠎ᠠ ᠠᠰᠠᠭᠤᠳᠠᠯ | ᠨᠢᠭᠡ ᠳᠤ ᠲᠠᠨᠢᠯᠲᠠ ᠦᠨᠳᠤᠷ ᠪᠢᠰᠢ᠃ ᠵᠠᠷᠢᠮ ᠭᠠᠵᠠᠷ ᠣᠷᠤᠨ ᠪᠠ ᠰᠠᠯᠠᠭ᠎ᠠ ᠮᠦᠴᠢᠷ ᠴᠢᠮᠡᠭᠡ ᠵᠠᠩᠭᠢ ᠶᠢ | ᠢᠯᠡ ᠪᠣᠯᠭᠠᠬᠤ ᠠᠵᠢᠯ ᠢ ᠪᠠᠰᠠ ᠴᠢᠬᠤᠯᠠ ᠵᠦᠪᠯᠡᠬᠦ ᠲᠠᠷᠠᠭᠠᠯᠠᠯ ᠳᠤ ᠣᠷᠤᠭᠤᠯᠤᠭᠠᠳᠤᠢ᠂ ᠴᠢᠮᠡᠭᠡ ᠵᠠᠩᠭᠢ ᠶᠢ | ᠵᠦᠪᠬᠡᠨ ᠨᠢᠭᠡ ᠵᠤᠶᠢᠯ ᠤᠨ ᠬᠡᠷᠡᠭ ᠶᠠᠪᠤᠳᠠᠯ ᠤᠨ ᠴᠢᠨᠠᠷᠲᠠᠢ᠂ ᠱᠠᠲᠤᠴᠢ ᠴᠢᠨᠠᠷᠲᠠᠢ ᠡᠭᠦᠷᠭᠡ ᠪᠠᠷ ᠦᠵᠡᠵᠤ᠂ | ᠵᠠᠰᠠᠭ ᠤᠨ ᠣᠷᠳᠣᠨ ᠤ ᠡᠷᠬᠡ ᠲᠤᠰᠢᠶᠠᠯ ᠢ ᠬᠤᠪᠢᠷᠭᠠᠬᠤ᠂ ᠠᠷᠠᠳ ᠤᠨ ᠲᠦᠯᠦᠭᠡ ᠲᠦᠷᠤ ᠪᠠᠷᠢᠬᠤ ᠦᠵᠡᠯ ᠢ ᠪᠣᠢ | ᠪᠣᠯᠭᠠᠬᠤ᠂ ᠠᠷᠢᠭᠤᠨ ᠴᠢᠭᠡᠴᠢ ᠪᠠᠶᠢᠭᠤᠯᠤᠯᠲᠠ ᠶᠢ ᠴᠢᠩᠭᠠᠳᠬᠠᠬᠤ ᠳᠡᠭᠡᠲᠤ ᠵᠡᠷᠭᠡ ᠶᠢᠨ ᠲᠠᠨᠢᠯᠲᠠ ᠪᠠᠶᠢᠬᠤ ᠦᠭᠡᠢ᠃ | ᠠᠵᠢᠯᠯᠠᠬᠤ ᠨᠢ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠪᠠ ᠦᠷᠬᠦᠯᠵᠢᠯᠡᠭᠰᠡᠨ ᠴᠢᠨᠠᠷ ᠢᠶᠠᠷ ᠳᠤᠲᠠᠮᠠᠭ᠂ | ᠭᠠᠭᠴᠠ ᠳᠡᠭᠡᠲᠤ ᠱᠠᠲᠤᠨ ᠤ ᠲᠣᠬᠢᠷᠠᠭᠤᠯᠤᠭᠰᠠᠨ ᠱᠠᠲᠤᠴᠢ ᠴᠢᠨᠠᠷ ᠲᠠᠢ ᠠᠵᠢᠯ ᠢ ᠪᠡᠶᠡᠯᠡᠬᠦᠯᠬᠦ ᠳᠤ ᠬᠠᠨᠤᠵᠤ᠂ | ᠰᠢᠨ᠎ᠡ ᠡᠭᠦᠳᠤᠯᠲᠡ ᠪᠠᠶᠢᠬᠤ ᠦᠭᠡᠢ ᠪᠦᠭᠡᠳ ᠦᠷᠭᠦᠯᠵᠢ ᠦᠪᠡᠷ ᠢᠶᠠᠨ ᠡᠵᠡᠨ ᠮᠡᠳᠡᠵᠤ ᠠᠵᠢᠯ ᠢᠶᠠᠨ ᠲᠣᠬᠢᠷᠠᠭᠤᠯᠵᠤ | ᠳᠡᠶᠢᠯᠬᠦ ᠦᠭᠡᠢ᠃ | ᠬᠤᠶᠠᠷ ᠲᠤ ᠢᠯᠡ ᠪᠣᠯᠭᠠᠬᠤ ᠴᠢᠨᠠᠷ ᠲᠡᠶᠢᠮᠦ ᠰᠠᠶᠢᠨ ᠪᠢᠰᠢ᠃ ᠬᠡᠰᠡᠭ ᠭᠠᠵᠠᠷ ᠣᠷᠣᠨ ᠪᠠ ᠰᠠᠯᠠᠭ᠎ᠠ | ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠦᠭᠦᠮ᠂ ᠬᠡᠯᠪᠡᠷᠢ ᠲᠠᠩ ᠴᠣᠯᠭᠤᠢ᠃ ᠠᠭᠤᠯᠭ᠎ᠠ ᠶᠢ | ᠢᠯᠡ ᠪᠣᠯᠭᠠᠬᠤ ᠳᠡᠭᠡᠷ᠎ᠡ ᠠᠳᠠᠯᠢ ᠪᠣᠰᠤ ᠬᠡᠮᠵᠢᠶᠡᠨ ᠤ ᠬᠡᠶᠢᠰᠪᠤᠷᠢ᠂ ᠴᠠᠭ ᠠᠴᠠ ᠦᠩᠭᠡᠷᠡᠭᠰᠡᠨ ᠵᠡᠷᠭᠡ ᠦᠵᠡᠭᠳᠡᠯ | ᠣᠷᠤᠰᠢᠵᠤ᠂ ᠨᠡᠶᠢᠲᠡᠯᠡᠬᠦ ᠬᠠᠮᠤᠭ ᠡᠴᠤᠰ ᠤᠨ ᠦᠷ᠎ᠡ ᠳ᠋ᠦᠩ ᠢ ᠴᠢᠬᠤᠯᠴᠢᠯᠠᠵᠤ᠂ ᠬᠠᠷᠢᠨᠰᠢᠢᠳᠪᠤᠷᠢ ᠠᠴᠠ ᠡᠮᠤᠨ᠎ᠡ | ᠪᠠ ᠰᠢᠢᠳᠪᠤᠷᠢ ᠭᠠᠷᠭᠠᠬᠤ ᠶᠠᠪᠤᠴᠠ ᠳᠤᠮᠳᠠ ᠳᠠᠬᠢ ᠴᠢᠮᠡᠭᠡ ᠵᠠᠩᠭᠢ ᠶᠢ ᠨᠡᠶᠢᠲᠡᠯᠡᠬᠦ ᠨᠡᠯᠢᠶᠡᠳ ᠪᠠᠭ᠎ᠠ᠂ | ᠬᠦᠨᠳᠦ ᠠᠴᠠ ᠵᠠᠶᠢᠯᠠᠵᠤ ᠬᠦᠩᠬᠡᠨ ᠢ ᠡᠷᠢᠵᠤ᠂ ᠮᠦᠨ ᠴᠢᠨᠠᠷ ᠤᠨ ᠵᠤᠶᠢᠯᠡᠰ ᠠᠴᠠ ᠵᠠᠶᠢᠯᠠᠨ᠎ᠠ᠃ ᠪᠠᠰᠠ ᠵᠠᠷᠢᠮ ᠨᠢ | ᠢᠯᠡ ᠪᠣᠯᠭᠠᠬᠤ ᠠᠷᠭ᠎ᠠ ᠮᠠᠶ᠋ᠢᠭ ᠬᠤᠴᠤᠷᠤᠩᠭᠤᠢ᠂ ᠰᠦᠯᠵᠢᠶᠡᠨ ᠤ ᠴᠡᠭ ᠪᠠ ᠰᠣᠨᠢᠨ ᠮᠡᠳᠡᠭᠡᠨ ᠤ ᠵᠠᠭᠤᠴᠢ ᠶᠢ | ᠠᠰᠢᠭᠯᠠᠵᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠨᠡᠶᠢᠲᠡᠯᠡᠬᠦ ᠬᠠᠷᠢᠴᠠᠯ ᠨᠢ ᠪᠠᠭ᠎ᠠ᠂ ᠣᠯᠠᠨ ᠲᠦᠮᠡᠨ ᠪᠠ | ᠠᠵᠦ ᠠᠬᠤᠶᠢᠯᠠᠯ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠣᠯᠬᠤ ᠵᠠᠮ ᠰᠢᠭᠤᠳᠦᠭᠡᠢ ᠪᠠᠶᠢᠨ᠎ᠠ᠃ | ᠭᠤᠷᠪᠠ ᠳᠤ ᠠᠵᠢᠯ ᠦᠷᠨᠢᠭᠦᠯᠬᠦ ᠨᠢ ᠲᠡᠩᠴᠡᠭᠦᠷᠢ ᠦᠭᠡᠢ᠃ ᠴᠢᠮᠡᠭᠡ ᠵᠠᠩᠭᠢ ᠶᠢ ᠢᠯᠡ ᠪᠣᠯᠭᠠᠬᠤ ᠨᠢ | ᠬᠡᠳᠤᠶᠢᠪᠡᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠲᠤ ᠨᠡᠶᠢᠳᠡᠮ ᠬᠡᠷᠡᠭᠵᠢᠭᠦᠯᠵᠦ ᠪᠠᠶᠢᠪᠠᠴᠤ᠂ | ᠦᠷᠨᠢᠭᠦᠯᠵᠦ ᠪᠠᠶᠢᠭ᠎ᠠ ᠬᠡᠮᠵᠢᠶ᠎ᠡ ᠨᠢ ᠮᠠᠰᠢ ᠲᠡᠩᠴᠡᠭᠦᠷᠢ ᠦᠭᠡᠢ᠃ ᠵᠠᠷᠢᠮ ᠦᠢᠯᠡᠴᠢᠯᠡᠭᠡᠨ ᠤ ᠨᠢᠭᠡᠴᠡ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠦᠨᠳᠤᠰᠤᠨ ᠳᠡᠭᠡᠨ ᠨᠡᠯᠢᠶᠡᠳ ᠪᠣᠯᠪᠠᠰᠤᠷᠠᠩᠭᠤᠢ ᠳᠦᠷᠢᠮ | ᠲᠣᠭᠲᠠᠭᠠᠯ ᠲᠠᠢ ᠪᠣᠯᠵᠤ᠂ ᠣᠯᠠᠨ ᠲᠦᠮᠡᠨ ᠳᠤ ᠳᠦᠭᠦᠮ ᠦᠵᠡᠭᠦᠯᠬᠦ ᠪᠠᠶᠢᠴᠠᠭᠠᠨ ᠠᠰᠠᠭᠤᠬᠤ᠂ ᠬᠢᠨᠠᠯᠲᠠ ᠲᠠᠯᠪᠢᠬᠤ | ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠬᠡᠯᠪᠡᠷᠢ ᠶᠢ ᠰᠤᠩᠭᠤᠵᠠᠢ᠃ ᠭᠡᠲᠡᠯ᠎ᠡ ᠵᠠᠷᠢᠮ ᠭᠠᠵᠠᠷ ᠣᠷᠣᠨ᠂ | ᠰᠠᠯᠠᠭ᠎ᠠ ᠮᠦᠴᠢᠷ ᠴᠢᠮᠡᠭᠡ ᠵᠠᠩᠭᠢ ᠶᠢ ᠢᠯᠡ ᠪᠣᠯᠭᠠᠬᠤ ᠨᠢ ᠪᠠᠰᠠ ︽ᠬᠠᠭᠤᠴᠢᠨ ᠪᠡᠨ᠎ᠡ ᠪᠠᠨ ᠢᠳᠡᠬᠦ︾ ᠦᠵᠡᠭᠳᠡᠯ | ᠪᠠᠶᠢᠵᠤ᠂ ᠠᠵᠢᠯ ᠰᠢᠨ᠎ᠡ ᠡᠭᠦᠳᠤᠯᠲᠡᠦᠭᠡᠢ᠂ ᠴᠠᠭ ᠤᠨ ᠪᠠᠶᠢᠳᠠᠯ ᠤᠨ ᠬᠦᠭᠵᠢᠯᠲᠡ ᠶᠢᠨ ᠬᠡᠷᠡᠭᠴᠡᠭᠡᠨ ᠳᠤ | ᠵᠣᠬᠢᠴᠠᠵᠤ ᠳᠡᠶᠢᠯᠬᠦ ᠦᠭᠡᠢ᠂ ᠵᠠᠷᠢᠮ ᠨᠢ ᠨᠡᠩᠲᠡ ᠪᠠᠰᠠ ᠡᠬᠢᠯᠡᠯᠲᠡ ᠶᠢᠨ ᠱᠠᠲᠤᠨ ᠳᠠᠭᠠᠨ ᠣᠷᠤᠰᠢᠵᠤ ᠪᠠᠶᠢᠨ᠎ᠠ᠃ | ᠭᠠᠵᠠᠷ ᠣᠷᠤᠨ ᠤ ᠬᠤᠭᠤᠷᠤᠨᠳᠤ᠂ ᠰᠠᠯᠠᠭ᠎ᠠ ᠮᠦᠴᠢᠷ ᠤᠨ ᠬᠤᠭᠤᠷᠤᠨᠳᠤᠬᠢ ᠠᠵᠢᠯ ᠤᠨ ᠬᠢᠷᠢ ᠲᠦᠪᠰᠢᠨ ᠤ | ᠵᠦᠷᠢᠶ᠎ᠡ ᠨᠡᠯᠢᠶᠡᠳ ᠶᠡᠭᠡ᠃ | ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ | ᠨᠢᠭᠡ ᠳᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠ ᠤᠬᠠᠭᠤᠯᠵᠤ ᠪᠣᠯᠪᠠᠰᠤᠷᠠᠬᠤ ᠠᠵᠢᠯ ᠢ ᠦᠨᠡᠨᠬᠦ ᠴᠢᠩᠭᠠᠳᠬᠠᠪᠠ᠃ ᠪᠢᠳᠡ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠦᠴᠢᠷ ᠢ ᠱᠠᠭᠠᠷᠳᠠᠵᠤ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠪᠠ ᠲᠣᠬᠢᠷᠠᠭᠤᠯᠤᠯᠲᠠ ᠶᠢ | ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠵᠢᠯ ᠳᠤ ᠰᠠᠶᠢᠨ | ᠰᠠᠶᠢᠬᠠᠨ ᠣᠷᠴᠢᠨ ᠲᠣᠭᠤᠷᠢᠨ ᠪᠠ ᠨᠦᠭᠦᠴᠡᠯ ᠢ ᠴᠢᠷᠮᠠᠶᠢᠨ ᠪᠦᠷᠢᠯᠳᠤᠭᠦᠯᠪᠡ᠃ ᠠᠯᠪᠠᠨ ᠭᠡᠷ ᠵᠣᠬᠢᠶᠠᠨ | ᠪᠠᠶᠢᠭᠤᠯᠤᠨ ᠲᠣᠬᠢᠷᠠᠭᠤᠯᠵᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯ ᠤᠨ ᠴᠢᠬᠤᠯᠠ ᠵᠦᠪᠯᠡᠬᠦ ᠳᠠᠷᠠᠭᠠᠯᠠᠯ ᠳᠤ ᠣᠷᠤᠭᠤᠯᠵᠤ᠂ ᠡᠯ᠎ᠡ ᠲᠦᠷᠤᠯ ᠤᠨ ᠠᠵᠢᠯ | ᠡᠷᠬᠢᠯᠡᠬᠦ ᠠᠵᠢᠯ ᠲᠠᠢ ᠬᠠᠮᠲᠤ ᠪᠠᠶᠢᠷᠢᠯᠠᠭᠤᠯᠬᠤ ᠂ ᠬᠠᠮᠲᠤ ᠪᠠᠶᠢᠴᠠᠭᠠᠬᠤ᠂ ᠬᠠᠮᠲᠤ ᠬᠢᠨᠠᠨ ᠰᠢᠯᠭᠠᠬᠤ᠂ ᠬᠠᠮᠲᠤ | ᠲᠦᠯᠬᠢᠨ ᠠᠬᠢᠭᠤᠯᠬᠤ ᠶᠢ ᠪᠠᠷᠢᠮᠳᠠᠯᠠᠪᠠ᠃ | ᠬᠤᠶᠠᠷ ᠲᠤ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠠᠴᠢᠶᠠᠯᠠᠭᠴᠢ ᠶᠢᠨ ᠪᠦᠲᠤᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 2014 ᠣᠨ ᠳᠤ᠂ ᠪᠢᠳᠡ ᠢᠯᠡ ᠪᠣᠯᠭᠠᠬᠤ | ᠠᠴᠢᠶᠠᠯᠠᠭᠴᠢ ᠶᠢ ᠲᠠᠰᠤᠷᠠᠯᠲᠠ ᠦᠭᠡᠢ ᠰᠢᠨ᠎ᠡ ᠶᠢ ᠡᠭᠦᠳᠴᠤ᠂ ᠰᠦᠯᠵᠢᠶᠡᠨ ᠤ ᠴᠡᠭ ᠤᠨ ᠲᠤᠰᠬᠠᠢ ᠪᠣᠯᠤᠩ ᠤᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠤ ᠴᠢᠮᠡᠭᠡ ᠵᠠᠩᠭᠢ ᠶᠢ ᠢᠯᠡ | ᠪᠣᠯᠭᠠᠬᠤ᠂ ᠰᠦᠯᠵᠢᠶᠡᠨ ᠳᠡᠭᠡᠷ᠎ᠡ ᠠᠵᠢᠯ ᠡᠷᠬᠢᠯᠡᠬᠦ᠂ ᠠᠷᠠᠳ ᠲᠤ ᠳᠦᠭᠦᠮ ᠦᠵᠡᠭᠦᠯᠬᠦ ᠤᠶᠢᠯᠡᠴᠢᠯᠡᠭᠡ᠂ | ᠬᠢᠨᠠᠯᠲᠠ ᠶᠢ ᠬᠦᠯᠢᠶᠡᠬᠦ ᠵᠡᠷᠭᠡ ᠲᠤᠰᠬᠠᠢ ᠪᠣᠯᠤᠩ ᠤᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠰᠦᠯᠵᠢᠶᠡᠨ ᠳᠡᠭᠡᠷ᠎ᠡ ᠵᠦᠪᠰᠢᠶᠡᠷᠡᠬᠦ᠂ ᠪᠠᠶᠢᠴᠠᠭᠠᠨ ᠠᠰᠠᠭᠤᠬᠤ᠂ ᠰᠤᠶᠢᠳᠭᠡᠯ ᠲᠤᠰᠢᠶᠠᠬᠤ᠂ ᠵᠠᠭᠠᠯᠳᠤᠬᠤ᠂ | ᠳᠡᠮᠵᠢᠯᠭᠡ ᠭᠤᠶᠤᠴᠢᠯᠠᠬᠤ ᠵᠡᠷᠭᠡ ᠤᠶᠢᠯᠡᠴᠢᠯᠡᠭᠡᠨ ᠤ ᠲᠦᠷᠤᠯ ᠵᠤᠶᠢᠯ ᠤᠨ ᠬᠡᠪᠴᠢᠶ᠎ᠡ ᠶᠢ ᠢᠳᠡᠭ ᠢᠳᠡᠭ ᠢᠶᠠᠷ | ᠦᠷᠭᠡᠳᠭᠡᠨ᠎ᠡ᠃ ᠪᠡᠯᠡᠨ ᠪᠠᠶᠢᠬᠤ ᠡᠬᠢ ᠰᠣᠷᠪᠤᠯᠵᠢ ᠶᠢ ᠭᠦᠢᠴᠡᠳ ᠠᠰᠢᠭᠯᠠᠬᠤ ᠪᠠ ᠨᠢᠭᠡᠳᠭᠡᠵᠤ᠂ ᠪᠦᠬᠦ ᠬᠤᠰᠢᠭᠤᠨ | ᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯᠧᠺᠲᠷᠤᠨ | ᠵᠠᠰᠠᠭ ᠤᠨ ᠶᠠᠪᠤᠳᠠᠯ ᠢ ᠬᠡᠷᠡᠭᠵᠢᠭᠦᠯᠬᠦ ᠳᠤ ᠰᠦᠯᠵᠢᠶᠡᠨ ᠤ ᠣᠷᠴᠢᠨ ᠲᠣᠭᠤᠷᠢᠨ ᠤ ᠳᠡᠮᠵᠢᠯᠭᠡ ᠶᠢ ᠬᠠᠩᠭᠠᠨ᠎ᠠ᠃ | ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠷᠠᠳᠢᠣ᠋᠂ ᠲᠧᠯᠸᠢᠰ᠂ ᠰᠣᠨᠢᠨ ᠰᠡᠳᠭᠦᠯ ᠵᠡᠷᠭᠡ ᠵᠠᠭᠤᠴᠢ ᠶᠢ ᠭᠦᠢᠴᠡᠳ ᠠᠰᠢᠭᠯᠠᠵᠤ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠨᠡᠶᠢᠲᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠠᠵᠢᠯ ᠤᠨ ᠰᠤᠷᠲᠠᠯ ᠢ ᠵᠦᠪᠯᠡᠨ | ᠲᠣᠭᠲᠠᠭᠠᠬᠤ᠂ ᠶᠠᠭᠠᠷᠠᠯᠲᠠᠢ ᠳ᠋ᠢᠶᠠᠩᠬᠤᠸᠠ᠂ ᠰᠠᠨᠠᠯ ᠳᠤᠷᠠᠳᠤᠯᠭ᠎ᠠ᠂ ᠣᠯᠠᠨ ᠨᠡᠶᠢᠲᠡ ᠶᠢᠨ ᠴᠢᠮᠡᠭᠡ ᠵᠠᠩᠭᠢ ᠵᠡᠷᠭᠡ | ᠴᠢᠮᠡᠭᠡ ᠵᠠᠩᠭᠢ ᠶᠢᠨ ᠡᠬᠢ ᠰᠣᠷᠪᠤᠯᠵᠢ ᠪᠠ ᠲᠣᠭᠠᠴᠢᠯᠲᠠ ᠶᠢᠨ ᠠᠷᠭ᠎ᠠ ᠵᠠᠮ ᠢ ᠨᠢᠭᠡᠳᠭᠡᠬᠦ ᠪᠠ ᠴᠢᠩᠭᠠᠳᠬᠠᠵᠤ᠂ | ᠵᠠᠰᠠᠭ ᠤᠨ ᠣᠷᠳᠣᠨ ᠪᠠ ᠠᠷᠠᠳ ᠣᠯᠠᠨ ᠤ ᠬᠠᠷᠢᠯᠴᠠᠭ᠎ᠠ ᠶᠢ ᠨᠢᠭᠲᠠᠷᠠᠭᠤᠯᠤᠨ᠎ᠠ᠃ | ᠭᠤᠷᠪᠠ ᠲᠤ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠬᠤᠯᠪᠤᠭᠳᠠᠯ ᠪᠦᠬᠦᠢ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠭᠦᠨ ᠠᠴᠠ ᠬᠤᠶᠢᠰᠢ᠂ ᠪᠢᠳᠡ ᠵᠠᠰᠠᠭ ᠵᠠᠬᠢᠷᠭᠠᠨ ᠤ ᠡᠷᠬᠡ ᠶᠢ ᠢᠯᠡ | ᠲᠣᠳᠣ ᠶᠠᠪᠤᠭᠳᠠᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ ᠲᠣᠭᠤᠷᠢᠨ ᠳᠤ᠂ ᠵᠠᠰᠠᠭ ᠤᠨ ᠣᠷᠳᠣᠨ ᠤ ᠴᠢᠮᠡᠭᠡ | ᠵᠠᠩᠭᠢ ᠶᠢ ᠢᠯᠡ ᠪᠣᠯᠭᠠᠬᠤ ᠵᠢᠮ᠎ᠡ ᠶᠣᠰᠤ ᠶᠢ ᠰᠦᠪᠡᠭᠴᠢᠯᠡᠨ᠂ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ | ᠶᠠᠪᠤᠭᠳᠠᠭᠤᠯᠬᠤ ᠬᠤᠯᠪᠤᠭᠳᠠᠯ ᠪᠦᠬᠦᠢ ᠳᠦᠷᠢᠮ ᠢ ᠬᠤᠷᠳᠤᠨ ᠲᠡᠭᠦᠯᠳᠡᠷᠵᠢᠭᠦᠯᠵᠦ᠂ ᠤᠷᠳᠤ ᠬᠤᠭᠤᠴᠠᠭ᠎ᠠ ᠬᠦᠴᠤᠨ | ᠲᠠᠢ ᠲᠣᠭᠲᠠᠯᠴᠠᠭ᠎ᠠ ᠶᠢ ᠢᠳᠡᠭ ᠢᠳᠡᠭ ᠢᠶᠠᠷ ᠪᠠᠶᠢᠭᠤᠯᠤᠨ᠎ᠠ᠂ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ | ᠴᠢᠮᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠢ ᠦᠨᠳᠤᠰᠤᠯᠡᠵᠦ ᠢᠯᠡ ᠪᠣᠯᠭᠠᠬᠤ᠂ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ᠂ ᠠᠵᠢᠯ ᠢ ᠬᠢᠨᠠᠨ ᠰᠢᠯᠭᠠᠬᠤ᠂ ᠨᠡᠶᠢᠭᠡᠮ ᠠᠴᠠ ᠵᠦᠪᠯᠡᠨ | ᠲᠣᠭᠲᠠᠭᠠᠬᠤ᠂ ᠬᠠᠷᠢᠭᠤᠴᠠᠯᠭ᠎ᠠ ᠶᠢ ᠨᠡᠬᠡᠮᠵᠢᠯᠡᠬᠦ᠂ ᠰᠣᠨᠢᠨ ᠮᠡᠳᠡᠭᠡᠨ ᠤ ᠦᠭᠦᠯᠡᠭᠴᠢ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠦ᠂ ᠵᠠᠰᠠᠭ ᠤᠨ ᠣᠷᠳᠣᠨ ᠤ ᠴᠢᠮᠡᠭᠡ ᠵᠠᠩᠭᠢ ᠶᠢ ᠢᠯᠡ ᠪᠣᠯᠭᠠᠬᠤ ᠶᠢ ᠳᠦᠷᠢᠮᠵᠢᠭᠦᠯᠦᠭᠰᠡᠨ ᠢ | ᠪᠠᠲᠤᠯᠠᠨ᠎ᠠ᠃ ᠲᠣᠷᠰᠢᠯᠲᠠ ᠶᠢᠨ ᠴᠡᠭ ᠤᠨ ᠵᠠᠪᠰᠢᠶᠠᠨ ᠢᠶᠠᠷ ᠳᠣᠬᠢᠶᠠᠯ ᠪᠣᠯᠭᠠᠵᠤ᠂ ᠠᠷᠠᠳ ᠲᠦᠮᠡᠨ ᠳᠤ | ᠤᠶᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ |