ᠤᠯᠠᠭᠠᠨᠬᠠᠳᠠ ᠶᠢᠨ ᠬᠤᠲᠠ ᠶᠢᠨ ᠠᠷᠠᠳ ᠤᠨ ᠪᠣᠯᠪᠠᠰᠤᠨ ᠤ ᠨᠡᠶᠢᠲᠡ ᠶᠢᠨ ᠭᠡᠷ᠎ᠡ
ᠨᠡᠶᠢᠲᠡᠯᠡᠭᠰᠡᠨ ᠴᠠᠭ᠄
2016/7/19
        ᠨᠢᠭᠡ᠂ ᠡᠬᠡ ᠤᠯᠤᠰ ᠢᠶᠠᠨ ᠬᠠᠶᠢᠷᠠᠯᠠᠨ᠂ ᠤᠯᠠᠭᠠᠨᠬᠠᠳᠠ ᠪᠠᠨ ᠪᠦᠲᠤᠭᠡᠨ ᠪᠠᠶᠢᠭᠤᠯᠵᠤ᠂ ᠦᠨᠳᠤᠰᠤᠲᠡᠨ  ᠨᠦᠭᠦᠳ ᠢ ᠪᠦᠯᠬᠦᠮᠳᠡᠭᠦᠯᠤᠨ ᠨᠢᠭᠲᠠᠷᠠᠭᠤᠯᠵᠤ᠂ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠨ᠎ᠠ᠃      ᠬᠤᠶᠠᠷ᠂ ᠠᠵᠢᠯ ᠠᠯᠪᠠᠨ ᠳᠠᠭᠠᠨ ᠬᠢᠴᠢᠶᠡᠨ ᠵᠢᠳᠭᠦᠵᠤ᠂ ᠬᠠᠲᠠᠭᠤᠵᠢᠯᠲᠠᠢ ᠰᠢᠷᠭᠠᠭᠤ ᠬᠦᠳᠡᠯᠮᠦᠷᠢᠯᠡᠨ᠂ ᠦᠨᠡᠨᠴᠢ ᠢᠲᠡᠭᠡᠮᠵᠢ ᠶᠢ ᠡᠷᠬᠢᠮᠯᠡᠨ᠂ ᠠᠷᠪᠢᠲᠠᠢ ᠭᠠᠮᠲᠠᠢ ᠠᠵᠦ ᠲᠦᠷᠤᠨ᠎ᠡ᠃      ᠭᠤᠷᠪᠠ᠂ ᠮᠣᠷᠠᠯ  ᠶᠣᠰᠤ ᠶᠢ ᠳᠡᠭᠡᠳᠤᠯᠡᠨ᠂ ᠦᠭᠡ ᠠᠵᠢᠯᠯᠠᠭ᠎ᠠ ᠪᠠᠨ ᠪᠣᠯᠪᠠᠰᠤᠨᠵᠢᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠮᠣᠷᠠᠯ ᠰᠠᠶᠢᠲᠠᠢ ᠬᠦᠮᠦᠨ ᠪᠣᠯᠤᠨ᠎ᠠ᠃      ᠳᠥᠷᠪᠡ᠂ ᠰᠢᠨᠵᠢᠯᠡᠬᠦ ᠤᠬᠠᠭᠠᠨ ᠢ ᠡᠷᠬᠢᠮᠯᠡᠨ᠂ ᠪᠠᠭᠰᠢ ᠶᠢᠨ ᠬᠦᠮᠦᠵᠢᠭᠦᠯᠦᠯ ᠢ ᠨᠠᠨᠳᠢᠩᠨᠠᠨ᠂ ᠪᠣᠯᠬᠢ ᠳᠠᠳᠬᠠᠯ ᠢᠶᠠᠨ ᠬᠠᠯᠠᠨ ᠰᠠᠶᠢᠵᠢᠷᠠᠭᠤᠯᠵᠤ᠂ ᠡᠷᠡᠭᠦᠯ ᠰᠠᠷᠠᠭᠤᠯ ᠠᠮᠢᠳᠤᠷᠠᠨ᠎ᠠ᠃      ᠲᠠᠪᠤ᠂ ᠨᠠᠰᠤᠲᠠᠳ ᠨᠢᠯᠬᠠᠰ ᠢᠶᠠᠨ ᠬᠠᠶᠢᠷᠠᠯᠠᠵᠦ᠂ ᠬᠦᠷᠰᠢ ᠵᠠᠭᠤᠷ᠎ᠠ ᠪᠠᠨ ᠨᠠᠶᠢᠷᠲᠠᠢ ᠶᠠᠪᠤᠯᠴᠠᠨ᠂ ᠵᠡᠮᠳᠡᠭ ᠡᠮᠵᠡᠭ ᠬᠦᠮᠤᠰ ᠢ ᠡᠷᠭᠦᠨ ᠳᠡᠳᠭᠦᠵᠤ᠂ ᠵᠣᠬᠢᠴᠠᠯ ᠲᠠᠢ ᠨᠠᠶᠢᠷᠰᠠᠭ ᠢᠶᠠᠷ ᠣᠷᠤᠰᠢᠯᠴᠠᠨ᠎ᠠ᠃      ᠵᠢᠷᠭᠤᠭ᠎ᠠ᠂ ᠨᠡᠶᠢᠲᠡ ᠶᠢᠨ ᠠᠰᠠᠷᠠᠮᠵᠢ ᠳᠤ ᠤᠷᠮ᠎ᠠ ᠲᠠᠢ ᠣᠷᠤᠯᠴᠠᠨ᠂ ᠪᠣᠰᠤᠳ ᠲᠤ ᠲᠤᠰᠠᠯᠠᠬᠤ ᠪᠠᠷ ᠵᠢᠷᠭᠠᠯ ᠪᠣᠯᠭᠠᠨ᠂ ᠰᠠᠶᠢᠨ ᠳᠤᠷ᠎ᠠ ᠶᠢᠨ ᠤᠶᠢᠯᠡᠴᠢᠯᠡᠭᠡ ᠬᠠᠨᠳᠢᠪᠯᠡᠨ᠂ ᠨᠡᠶᠢᠭᠡᠮ ᠳᠤ ᠨᠡᠮᠡᠷᠢ ᠪᠠᠨ ᠡᠷᠭᠦᠨ᠎ᠡ᠃      ᠳᠣᠯᠤᠭ᠎ᠠ᠂ ᠬᠤᠲᠠ ᠵᠡᠭᠡᠯᠢ ᠪᠠᠨ ᠭᠤᠶᠤᠵᠢᠭᠤᠯᠵᠤ᠂ ᠡᠷᠡᠭᠦᠯ ᠬᠠᠮᠠᠭᠠᠯᠠᠯ ᠢ ᠡᠷᠬᠢᠮᠯᠡᠨ᠂ ᠣᠯᠠᠨ ᠨᠡᠶᠢᠲᠡ ᠶᠢᠨ ᠬᠦᠷᠤᠩᠭᠡ ᠶᠢ ᠬᠠᠶᠢᠷᠠᠯᠠᠨ᠂ ᠣᠷᠴᠢᠨ ᠲᠣᠭᠤᠷᠢᠨ ᠢᠶᠠᠨ ᠬᠠᠮᠠᠭᠠᠯᠠᠨ᠎ᠠ᠃      ᠨᠠᠢᠮᠠ᠂ ᠬᠠᠥᠯᠢ ᠶᠢ ᠰᠤᠷᠤᠯᠴᠠᠨ ᠬᠠᠥᠯᠢ ᠶᠢ ᠰᠠᠬᠢᠵᠤ᠂ ᠰᠢᠳᠤᠷᠭᠤ ᠶᠣᠰᠤ ᠶᠢ ᠬᠠᠮᠠᠭᠠᠯᠠᠨ᠂ ᠭᠠᠵᠢᠭᠤ ᠪᠣᠷᠤᠭᠤ ᠲᠠᠢ ᠡᠷᠡᠯᠬᠡᠭ ᠢᠶᠠᠷ ᠲᠡᠮᠡᠴᠡᠨ᠂ ᠲᠦᠪ ᠰᠤᠷᠲᠠᠯ ᠢ ᠢᠳᠡᠭᠡᠰᠢᠭᠦᠯᠦᠨ ᠴᠣᠭᠴᠠᠯᠠᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号