7 ᠰᠠᠷ᠎ᠠ ᠶᠢᠨ15 ᠤ ᠡᠳᠦᠷ᠂ ᠣᠩᠨᠢᠭᠤᠳ ᠬᠤᠰᠢᠭᠤᠨ ᠤ ᠭᠡᠷᠰᠡᠩ ᠰᠣᠮᠣ ᠶᠢᠨ ᠭᠤᠷᠪᠠᠨᠮᠣᠳᠤ ᠭᠠᠴᠠᠭᠠᠨ | ᠤ ᠬᠡᠳᠤᠨ ᠨᠡᠷ᠎ᠡ ᠪᠦᠰᠡᠭᠦᠶᠢᠴᠦᠳ ᠭᠠᠴᠠᠭᠠᠨ ᠤ ᠭᠡᠷ ᠲᠡᠭᠡᠨ ᠴᠤᠭᠯᠠᠷᠠᠨ ᠬᠠᠳᠬᠤᠮᠠᠯ ᠣᠶᠤᠵᠤ ᠲᠣᠷᠰᠢᠯᠭ᠎ᠠ ᠪᠠᠨ | ᠰᠣᠯᠢᠯᠴᠠᠨ᠎ᠠ᠃ ᠣᠶᠢᠯᠠᠭᠠᠭᠰᠠᠨ ᠢᠶᠠᠷ᠂ ᠲᠤᠰ ᠭᠠᠴᠠᠭᠠᠨ ᠤ ᠨᠠᠮ ᠤᠨ ᠡᠭᠦᠷ ᠨᠢ ᠰᠤᠷ ᠬᠠᠷᠪᠤᠯᠲᠠ᠂ ᠬᠠᠳᠬᠤᠮᠠᠯ᠂ | ᠪᠦᠬᠡ᠂ ᠣᠪᠤᠭ᠎ᠠ ᠲᠠᠬᠢᠬᠤ ᠵᠡᠷᠭᠡ ᠦᠨᠳᠤᠰᠤᠲᠡᠨ ᠤ ᠤᠯᠠᠮᠵᠢᠯᠠᠯᠲᠤ ᠰᠣᠶᠤᠯ ᠢ ᠵᠠᠯᠭᠠᠮᠵᠢᠯᠠᠨ ᠬᠦᠭᠵᠢᠭᠦᠯᠵᠦ | ᠬᠠᠮᠠᠭᠠᠯᠠᠬᠤ ᠶᠢᠨ ᠲᠦᠯᠦᠭᠡ᠂ ᠡᠨᠡ ᠵᠢᠯ ᠲᠤᠰᠬᠠᠢ ᠪᠡᠯᠡ ᠮᠦᠩᠭᠦ ᠭᠠᠷᠭᠠᠨ ᠭᠠᠴᠠᠭᠠᠨ ᠳᠡᠭᠡᠷ᠎ᠡ ᠪᠠᠨ ᠦᠨᠳᠤᠰᠤᠲᠡᠨ | ᠤ ᠤᠯᠠᠮᠵᠢᠯᠠᠯᠲᠤ ᠰᠣᠶᠣᠯ ᠤᠨ ᠳᠡᠯᠭᠡᠨ ᠦᠵᠡᠭᠦᠯᠦᠯᠭᠡ ᠶᠢᠨ ᠭᠡᠷ ᠭᠠᠷᠭᠠᠨ᠂ ᠦᠷᠭᠡᠨ ᠣᠯᠠᠨ ᠪᠦᠰᠡᠭᠦᠶᠢᠴᠦᠳ ᠲᠤ | ᠬᠠᠳᠬᠤᠮᠠᠯ ᠣᠶᠤᠵᠤ ᠲᠣᠷᠰᠢᠯᠭ᠎ᠠ ᠪᠠᠨ ᠰᠣᠯᠢᠯᠴᠠᠬᠤ ᠨᠦᠬᠦᠴᠡᠯ ᠪᠣᠯᠤᠯᠴᠠᠭ᠎ᠠ ᠪᠦᠷᠢᠯᠳᠦᠭᠦᠯᠦᠨ ᠦᠭᠭᠦᠭᠰᠡᠨ ᠤ | ᠬᠠᠮᠲᠤ ᠲᠡᠳᠡᠨᠡᠷ ᠤᠨ ᠣᠷᠤᠯᠭ᠎ᠠ ᠶᠢᠨ ᠨᠡᠮᠡᠭᠳᠡᠯ ᠳᠤᠨᠢ ᠪᠠᠰᠠ ᠨᠢᠭᠡ ᠰᠢᠨ᠎ᠡ ᠵᠠᠮ ᠰᠦᠪᠡᠭᠴᠢᠯᠡᠨ ᠦᠭᠭᠦᠭᠰᠡᠨ ᠪᠠᠶᠢᠨ᠎ᠠ | ᠃ |