ᠬᠤᠳᠠ ᠪᠠᠯᠭᠠᠰᠤ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠳᠦᠷᠢᠮ ︵ᠬᠤᠳᠠ | ᠶᠢᠨ ᠨᠠᠭᠠᠳᠤ ᠵᠠᠬ᠎ᠠ ᠶᠢᠨ ᠪᠠᠳᠤᠯᠠᠭ᠎ᠠ ᠬᠡᠵᠦ ᠳᠦᠬᠦᠮᠴᠢᠯᠡᠨ᠎ᠡ︶ ᠪᠤᠯ ᠵᠠᠰᠠᠭ ᠤᠨ ᠤᠷᠳᠤᠨ ᠠᠴᠠ ᠬᠤᠳᠠ ᠶᠢᠨ | ᠠᠷᠠᠳ ᠤᠨ ᠬᠡᠷ ᠪᠦᠯᠢ ᠶᠢᠨ ᠰᠠᠷ᠎ᠠ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠳᠤᠰ ᠭᠠᠵᠠᠷ ᠤᠨ ᠬᠤᠳᠠ | ᠶᠢᠨ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠶᠠᠳᠠᠭᠤ | ᠬᠦᠴᠢᠷᠳᠡᠢ ᠬᠡᠷ ᠪᠦᠯᠢ ᠳᠤ ᠳᠦᠷᠦᠯ ᠬᠤᠪᠢᠶᠠᠨ ᠳᠡᠳᠬᠦᠬᠦ ᠨᠢᠬᠡ ᠵᠦᠢᠯ ᠤᠨ ᠳᠦᠷᠢᠮ ᠪᠤᠯᠤᠨ᠎ᠠ᠃ ᠬᠤᠳᠠ ᠶᠢᠨ | ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠡᠷᠡᠮᠡᠯᠵᠡᠯᠡᠬᠦ ᠳᠤ ᠴᠢᠩᠭ᠎ᠠ ᠨᠢᠮᠪᠠᠢ ᠳᠤᠭᠳᠠᠭᠠᠯ ᠲᠠᠢ᠂ | ᠵᠦᠪᠬᠡᠨ ᠬᠠᠥᠯᠢ ᠶᠢᠨ ᠳᠤᠭᠳᠠᠭᠠᠯ ᠳᠤ ᠨᠡᠶᠢᠴᠡᠭᠰᠡᠨ ᠨᠦᠬᠦᠴᠡᠯ ᠳᠤᠤᠷ᠎ᠠ᠂ ᠬᠤᠪᠢ ᠬᠦᠮᠦᠨ ᠤ ᠤᠢ ᠤᠬᠠᠭᠠᠨ ᠤ | ᠰᠢᠯᠳᠠᠭᠠᠨ᠂ ᠪᠠᠶᠢᠭᠠᠯᠢ ᠶᠢᠨ ᠭᠠᠮᠰᠢᠭ ᠤᠨ ᠰᠢᠯᠳᠠᠭᠠᠨ ᠪᠤᠶᠤ ᠨᠡᠶᠢᠬᠡᠮ ᠤᠨ ᠰᠢᠯᠳᠠᠭᠠᠨ ᠢᠶᠠᠷ ᠠᠳᠠᠯ ᠠᠮᠢᠳᠤᠷᠠᠯ ᠨᠢ | ᠬᠦᠴᠢᠷᠳᠡᠯ ᠳᠤᠯᠭᠠᠷᠠᠭᠰᠠᠨ ᠬᠤᠳᠠ ᠶᠢᠨ ᠰᠠᠭᠤᠭᠠᠯᠢ ᠠᠷᠠᠳ ᠲᠤ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠭ᠎ᠠ ᠶᠢᠨ ᠳᠡᠳᠬᠦᠮᠵᠢ ᠳᠤᠰᠠᠯᠠᠮᠵᠢ ᠤᠯᠭᠤᠵᠤ᠂ ᠦᠨᠳᠦᠰᠦᠨ ᠠᠮᠢᠳᠤᠷᠠᠯ ᠢ ᠨᠢ ᠪᠠᠳᠤᠯᠠᠨ᠎ᠠ᠃ ᠬᠠᠮᠤᠭ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠳᠡᠳᠬᠦᠮᠵᠢ ᠪᠤᠯ ᠠᠮᠢᠳᠤᠯᠢᠭ᠂ ᠳᠦᠷ ᠴᠠᠭ ᠤᠨ ᠤᠬᠤᠷ | ᠬᠤᠭᠤᠴᠠᠭ᠎ᠠ ᠲᠠᠢ᠂ ᠳᠤᠰᠠᠯᠠᠨ ᠳᠡᠳᠬᠦᠭᠰᠡᠨ ᠡᠳᠡᠬᠡᠳ ᠶᠠᠳᠠᠭᠤ ᠬᠦᠴᠢᠷᠳᠡᠯ ᠠᠴᠠ ᠪᠠᠨ ᠠᠩᠬᠢᠵᠢᠷᠠᠪᠠᠯ ᠳᠡᠬᠦᠨ ᠤ | ᠳᠡᠳᠬᠦᠮᠵᠢ ᠳᠤᠰᠠᠯᠠᠮᠵᠢ ᠶᠢ ᠠᠶᠠᠨᠳᠠᠭᠠᠨ ᠦᠬᠡᠶᠢᠰᠬᠡᠨ᠎ᠡ᠃ | | | | | | | | | | |