ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠢ ᠪᠠᠳᠤᠯᠠᠬᠤ ᠬᠡᠷ ᠪᠦᠯᠢ ᠶᠢᠨ ᠤᠷᠤᠯᠭ᠎ᠠ ᠶᠢ ᠬᠡᠷᠬᠢᠨ ᠪᠤᠳᠤᠬᠤ ᠪᠤᠢ︖
ᠨᠡᠶᠢᠲᠡᠯᠡᠭᠰᠡᠨ ᠴᠠᠭ᠄
2016/7/20
      ᠬᠠᠮᠳᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠪᠦᠬᠦ ᠪᠡᠯᠡ ᠮᠦᠩᠬᠦ ᠶᠢᠨ ᠤᠷᠤᠯᠭ᠎ᠠ  ᠪᠤᠯᠤᠨ ᠪᠤᠳᠠᠳᠤ ᠪᠤᠳᠠᠰ ᠤᠨ ᠤᠷᠤᠯᠭ᠎ᠠ ᠶᠢᠨ ᠨᠡᠶᠢᠯᠡᠯ ᠢ ᠦᠨᠳᠦᠰᠦᠯᠡᠨ᠎ᠡ᠃ ᠴᠠᠯᠢᠩ᠂ ᠱᠠᠩᠨᠠᠯ ᠤᠨ ᠮᠦᠩᠬᠦ᠂  ᠨᠦᠬᠦᠪᠦᠷᠢ᠂ ᠨᠢᠬᠡ ᠯᠠ ᠤᠳᠠᠭ᠎ᠠ ᠶᠢᠨ ᠴᠢᠨᠠᠷᠳᠠᠢ ᠳᠦᠪᠬᠢᠨᠡᠬᠦᠯᠬᠦ ᠰᠦᠢᠳᠬᠡᠯ᠂ ᠠᠵᠤ ᠠᠬᠤᠢ ᠶᠢᠨ ᠨᠦᠬᠦᠪᠦᠷᠢ  ᠳᠦᠯᠦᠪᠦᠷᠢ ᠶᠢᠨ ᠮᠦᠩᠬᠦ ᠪᠤᠶᠤ ᠠᠮᠢᠳᠤᠷᠠᠯ ᠤᠨ ᠨᠦᠬᠦᠪᠦᠷᠢ᠂ ᠠᠵᠢᠯ ᠠᠴᠠ ᠪᠠᠨ ᠠᠮᠠᠷᠠᠭᠰᠠᠨ ᠮᠦᠩᠬᠦ᠂ ᠠᠵᠢᠯ   ᠤᠨ ᠪᠠᠶᠢᠷᠢ ᠠᠴᠠ ᠪᠠᠭᠤᠭᠰᠠᠨ ᠦᠨᠳᠦᠰᠦᠨ ᠠᠮᠢᠳᠤᠷᠠᠯ ᠤᠨ ᠰᠦᠢᠳᠬᠡᠯ᠂ ᠨᠠᠰᠤᠵᠢᠯ ᠤᠨ ᠮᠦᠩᠬᠦ᠂ ᠠᠵᠢᠯ  ᠠᠯᠳᠠᠭᠰᠠᠳ ᠤᠨ ᠳᠠᠭᠠᠭᠳᠬᠠᠯ ᠤᠨ ᠮᠦᠩᠬᠦ᠂ ᠨᠠᠰᠤ ᠪᠠᠷᠠᠭᠰᠠᠳ ᠤᠨ ᠬᠡᠷ ᠪᠦᠯᠢ ᠶᠢᠨ ᠠᠮᠢᠳᠤᠷᠠᠯ ᠤᠨ ᠨᠦᠬᠦᠪᠦᠷᠢ᠂ ᠬᠠᠳᠠᠭᠠᠯᠠᠮᠵᠢ ᠪᠤᠯᠤᠨ ᠬᠦᠤ ᠬᠦᠯᠦᠰᠦ᠂ ᠦᠨᠡᠳᠦ ᠳᠡᠮᠳᠡᠭ ᠵᠢᠴᠢ ᠠᠰᠢᠭ ᠬᠤᠨᠵᠢᠪᠤᠷᠢ᠂ ᠤᠨᠴᠠᠭᠠᠢ ᠵᠦᠪᠰᠢᠶᠡᠷᠡᠯ   ᠤᠨ ᠡᠷᠬᠡ ᠪᠠᠨ ᠬᠡᠷᠡᠭᠯᠡᠭᠰᠡᠨ ᠤᠷᠤᠯᠭ᠎ᠠ᠂ ᠳᠦᠷᠢᠶᠡᠰᠦᠨ ᠤ ᠤᠷᠤᠯᠭ᠎ᠠ᠂ ᠪᠡᠯᠡᠭ ᠪᠤᠯᠤᠨ ᠦᠪ ᠵᠠᠯᠭᠠᠮᠵᠢᠯᠠᠭᠰᠠᠨ  ᠤᠷᠤᠯᠭ᠎ᠠ᠂ ᠠᠰᠠᠷᠠᠨ ᠳᠡᠵᠢᠬᠡᠭᠰᠡᠨ ᠤᠷᠤᠯᠭ᠎ᠠ᠂ ᠳᠡᠳᠬᠦᠨ ᠳᠡᠵᠢᠬᠡᠭᠰᠡᠨ ᠤᠷᠤᠯᠭ᠎ᠠ᠂ ᠠᠰᠠᠷᠠᠮᠵᠢ ᠶᠢᠨ ᠰᠦᠢᠳᠬᠡᠯ᠂  ᠬᠤᠪᠢ ᠶᠢᠨ ᠠᠵᠢᠯ ᠦᠢᠯᠡᠰ ᠤᠨ ᠤᠷᠤᠯᠭ᠎ᠠ ᠪᠤᠯᠤᠨ ᠪᠤᠰᠤᠳ ᠪᠤᠳᠤᠬᠤ ᠴᠢᠬᠤᠯᠠ ᠪᠦᠬᠦᠢ ᠬᠡᠷ ᠪᠦᠯᠢ ᠶᠢᠨ  ᠤᠷᠤᠯᠭ᠎ᠠ ᠬᠢᠬᠡᠳ ᠬᠤᠰᠢᠭᠤ ᠠᠴᠠ ᠳᠡᠬᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠳᠤᠭᠳᠠᠭᠠᠭᠰᠠᠨ ᠪᠤᠳᠤᠬᠤ  ᠴᠢᠬᠤᠯᠠ ᠪᠦᠬᠦᠢ ᠪᠤᠰᠤᠳ ᠤᠷᠤᠯᠭ᠎ᠠ ᠶᠢ ᠪᠠᠭᠳᠠᠭᠠᠨ᠎ᠠ᠃ ᠠᠰᠠᠷᠠᠨ ᠳᠡᠳᠬᠦᠬᠦ ᠡᠳᠡᠬᠡᠳ ᠤᠨ ᠤᠯᠤᠰ ᠤᠨ  ᠳᠤᠭᠳᠠᠭᠠᠯ ᠢᠶᠠᠷ ᠬᠦᠷᠳᠡᠵᠦ ᠪᠠᠶᠢᠭ᠎ᠠ ᠠᠰᠠᠷᠠᠮᠵᠢ ᠶᠢᠨ ᠮᠦᠩᠬᠦ᠂ ᠨᠦᠬᠦᠪᠦᠷᠢ ᠮᠦᠩᠬᠦ ᠶᠢ ᠬᠡᠷ ᠪᠦᠯᠢ ᠶᠢᠨ ᠤᠷᠤᠯᠭ᠎ᠠ   ᠳᠤ ᠤᠷᠤᠭᠤᠯᠵᠤ ᠪᠤᠳᠤᠬᠤ ᠦᠬᠡᠢ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号