ᠶᠠᠮᠠᠷ ᠬᠦᠮᠦᠰ ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠬᠦᠷᠳᠡᠵᠦ ᠪᠤᠯᠬᠤ ᠦᠬᠡᠢ ᠪᠤᠢ︖
ᠨᠡᠶᠢᠲᠡᠯᠡᠭᠰᠡᠨ ᠴᠠᠭ᠄
2016/7/20
      ︵1︶ ᠬᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠳᠤ ᠬᠤᠯᠪᠤᠭ᠎ᠠ ᠦᠬᠡᠢ ᠮᠠᠰᠢᠨ ᠳᠡᠷᠬᠡ᠂  ᠺᠤᠮᠫᠢᠦ᠋ᠲ᠋ᠧᠷ ᠵᠡᠷᠬᠡ ᠳᠡᠬᠡᠳᠦ ᠳᠡᠰ ᠤᠨ ᠬᠡᠷᠡᠭᠯᠡᠬᠡᠨ ᠤ ᠳᠠᠸᠠᠷ ᠢ ᠡᠳ᠋ᠯᠡᠵᠦ ᠪᠠᠶᠢᠬᠤ᠃            ︵2︶ ᠰᠲ᠋ᠤᠺ ᠬᠤᠳᠠᠯᠳᠤᠨ ᠠᠪᠤᠭᠰᠠᠨ ᠪᠤᠶᠤ ᠪᠤᠰᠤᠳ ᠪᠡᠯᠡ ᠤᠷᠤᠭᠤᠯᠤᠯᠳᠠ ᠶᠢᠨ ᠢᠷᠡᠯᠳᠡ ᠲᠠᠢ᠃          ︵3︶ ᠪᠡᠯᠡ ᠭᠠᠷᠭᠠᠨ ᠦᠷ᠎ᠡ ᠬᠡᠥᠬᠡᠳ ᠢᠶᠠᠨ ᠪᠤᠰᠤᠳ ᠭᠠᠵᠠᠷ ᠪᠢᠴᠢᠭ ᠦᠵᠡᠬᠦᠯᠵᠦ ᠪᠠᠶᠢᠭ᠎ᠠ ᠪᠤᠶᠤ  ᠰᠤᠷᠭᠠᠭᠤᠯᠢ ᠰᠤᠩᠭᠤᠨ ᠪᠢᠴᠢᠭ ᠦᠵᠡᠵᠦ ᠪᠠᠶᠢᠬᠤ᠃        ︵4︶ ᠵᠤᠭᠤᠰ ᠮᠦᠷᠦᠶᠢᠴᠡᠬᠦ ᠪᠤᠶᠤ ᠬᠤᠤᠷ ᠳᠠᠳᠠᠬᠤ ᠵᠡᠷᠬᠡ ᠬᠠᠥᠯᠢ ᠶᠢ ᠵᠦᠷᠢᠴᠡᠭᠰᠡᠨ ᠠᠵᠢᠯᠯᠠᠭ᠎ᠠ ᠠᠴᠠ  ᠪᠤᠯᠵᠤ ᠬᠡᠷ ᠪᠦᠯᠢ ᠶᠢᠨ ᠠᠮᠢᠳᠤᠷᠠᠯ ᠤᠨ ᠳᠦᠪᠰᠢᠨ ᠨᠢ ᠳᠤᠰ ᠭᠠᠵᠠᠷ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ   ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠤᠯᠤᠭᠰᠠᠨ᠃        ︵5︶ ᠠᠵᠢᠯ ᠤᠯᠬᠤ ᠨᠠᠰᠤᠨ ᠳᠤ ᠪᠠᠨ ᠬᠦᠳᠡᠯᠮᠦᠷᠢᠯᠡᠬᠦ ᠴᠢᠳᠠᠪᠤᠷᠢ ᠲᠠᠢ ᠠᠳᠠᠯ᠎ᠠ ᠵᠦᠢ ᠪᠤᠰᠤ ᠶᠢᠨ  ᠰᠢᠯᠳᠠᠭᠠᠨ ᠦᠬᠡᠢ ᠪᠠᠷ ᠠᠵᠢᠯ ᠤᠯᠭᠤᠬᠤ ᠳᠠᠨᠢᠯᠴᠠᠭᠤᠯᠭ᠎ᠠ ᠶᠢ ᠬᠤᠶᠠᠷ ᠤᠳᠠᠭ᠎ᠠ ᠳᠡᠪᠴᠢᠭᠰᠡᠨ ᠪᠤᠶᠤ ᠨᠡᠶᠢᠬᠡᠮ  ᠳᠤᠭᠤᠷᠢᠭ ᠠᠴᠠ ᠵᠤᠬᠢᠶᠠᠨ ᠪᠠᠶᠢᠭᠤᠯᠤᠭᠰᠠᠨ ᠤᠯᠠᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯᠯᠠᠭ᠎ᠠ ᠳᠤ  ᠦᠯᠦ ᠤᠷᠤᠯᠴᠠᠭᠰᠠᠳ᠃          ︵6︶ ᠬᠠᠷᠭᠤᠭᠤᠯᠠᠨ ᠪᠠᠶᠢᠴᠠᠭᠠᠭᠠᠳ ᠬᠠᠳᠠᠭᠠᠯᠠᠮᠵᠢ ᠶᠢᠨ ᠳᠤᠭ᠎ᠠ ᠶᠢ ᠨᠢ ᠳᠤᠳᠤᠷᠬᠠᠶᠢᠯᠠᠬᠤ ᠶᠢᠨ ᠠᠷᠭ᠎ᠠ  ᠦᠬᠡᠢ ᠪᠤᠶᠤ ᠳᠠᠯᠳᠠᠯᠠᠵᠤ ᠪᠦᠬᠦᠢ ᠤᠷᠤᠯᠭ᠎ᠠ ᠶᠢ ᠨᠢ ᠬᠢᠨᠠᠨ ᠬᠠᠷᠭᠤᠭᠤᠯᠬᠤ ᠶᠢᠨ ᠠᠷᠭ᠎ᠠ ᠦᠬᠡᠢ᠂ ᠦᠨᠡᠨ ᠬᠦ  ᠳᠡᠬᠡᠳᠦ ᠳᠡᠰ ᠤᠨ ᠬᠡᠷᠡᠭᠯᠡᠬᠡᠨ ᠤ ᠳᠠᠸᠠᠷ ᠲᠠᠢ ᠬᠡᠷ ᠪᠦᠯᠢ᠂ ᠬᠦᠮᠦᠨ ᠪᠦᠷᠢ ᠶᠢᠨ ᠤᠷᠤᠯᠭ᠎ᠠ ᠨᠢ ᠳᠤᠰ ᠭᠠᠵᠠᠷ ᠤᠨ  ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠷᠢᠮᠵᠢᠶ᠎ᠠ ᠠᠴᠠ ᠳᠤᠤᠷ᠎ᠠ ᠴᠦ ᠪᠤᠳᠠᠳᠠᠢ  ᠠᠮᠢᠳᠤᠷᠠᠯ ᠤᠨ ᠳᠦᠪᠰᠢᠨ ᠨᠢ ᠳᠤᠰ ᠭᠠᠵᠠᠷ ᠤᠨ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ   ᠤᠨ ᠪᠠᠷᠢᠮᠵᠢᠶ᠎ᠠ ᠠᠴᠠ ᠢᠯᠡᠷᠬᠡᠢ ᠦᠨᠳᠦᠷ᠃        ︵7︶ ᠬᠤᠳᠠ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠠᠷᠠᠭᠠᠯᠵᠠᠯ ᠢ  ᠬᠦᠷᠳᠡᠵᠦ ᠦᠯᠦ ᠪᠤᠯᠬᠤ ᠪᠤᠰᠤᠳ ᠬᠦᠮᠦᠰ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号