ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠡᠳᠡᠬᠡᠳ ᠲᠤ ᠶᠠᠮᠠᠷ ᠱᠠᠭᠠᠷᠳᠠᠯᠭ᠎ᠠ ᠪᠠᠶᠢᠬᠤ ᠪᠤᠢ︖
ᠨᠡᠶᠢᠲᠡᠯᠡᠭᠰᠡᠨ ᠴᠠᠭ᠄
2016/7/20
      ᠬᠦᠳᠡᠭᠡ ᠳᠤᠰᠬᠤᠨ ᠮᠠᠯᠵᠢᠬᠤ ᠤᠷᠤᠨ ᠤ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠨᠢ  ᠭᠤᠤᠯᠳᠠᠭᠤ ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠳᠤ  ᠬᠡᠷᠡᠭᠰᠡᠬᠦ ᠢᠳᠡᠬᠦ ᠪᠤᠳᠠᠭ᠎ᠠ᠂ ᠡᠮᠦᠰᠬᠦ ᠬᠤᠪᠴᠠᠰᠤ᠂ ᠤᠰᠤ᠂ ᠴᠠᠬᠢᠯᠭᠠᠨ ᠵᠡᠷᠬᠡ ᠶᠢᠨ ᠵᠠᠷᠤᠳᠠᠯ ᠢ ᠪᠠᠳᠤᠯᠠᠨ᠎ᠠ᠃  ᠵᠠᠰᠠᠭ ᠤᠨ ᠤᠷᠳᠤᠨ ᠠᠴᠠ ᠠᠪᠤᠷᠠᠨ ᠳᠤᠰᠠᠯᠠᠬᠤ ᠬᠢᠬᠡᠳ ᠬᠡᠷ ᠪᠦᠯᠢ ᠪᠠᠷ ᠢᠶᠠᠨ ᠠᠰᠠᠷᠠᠨ ᠳᠡᠳᠬᠦᠬᠦ᠂ ᠨᠡᠶᠢᠬᠡᠮ   ᠠᠴᠠ ᠬᠠᠷᠢᠯᠴᠠᠨ ᠬᠠᠪᠰᠤᠷᠬᠤ᠂ ᠬᠤᠪᠢ ᠬᠦᠮᠦᠨ ᠦᠪᠡᠷ ᠢᠶᠠᠨ ᠳᠡᠭᠵᠢᠷᠡᠬᠦ ᠶᠢ ᠬᠠᠷᠢᠯᠴᠠᠨ ᠤᠶᠠᠯᠳᠤᠭᠤᠯᠵᠤ᠂  ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠢ ᠬᠦᠮᠦᠨ ᠠᠮᠠ ᠶᠢᠨ ᠦᠢᠯᠡᠳᠪᠦᠷᠢᠯᠡᠯ ᠢᠶᠠᠷ ᠦᠪᠡᠷ ᠢ ᠪᠠᠨ  ᠲᠡᠩᠬᠡᠷᠡᠭᠦᠯᠬᠦ᠂ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠬᠡᠯᠢᠭᠵᠢᠬᠦ ᠶᠢ ᠵᠤᠷᠢᠭᠵᠢᠭᠤᠯᠤᠨ ᠳᠡᠮᠵᠢᠨ᠎ᠡ᠃ ᠨᠠᠭᠠᠳᠤ  ᠵᠠᠬ᠎ᠠ ᠶᠢᠨ ᠪᠠᠳᠤᠯᠠᠭ᠎ᠠ ᠶᠢᠨ ᠡᠳᠡᠬᠡᠳ ᠨᠢ ᠪᠠᠶᠢᠴᠠᠭᠠᠯᠳᠠ ᠶᠢ ᠬᠦᠯᠢᠶᠡᠵᠦ᠂ ᠬᠠᠮᠢᠶ᠎ᠠ ᠪᠦᠬᠦᠢ ᠪᠠᠶᠢᠳᠠᠯ ᠢᠶᠠᠨ ᠦᠨᠡᠨ  ᠪᠤᠳᠠᠳᠠᠢ ᠪᠠᠷ ᠬᠠᠩᠭᠠᠵᠤ᠂ ᠬᠤᠳᠠᠯ ᠢᠶᠠᠷ ᠮᠡᠳᠡᠬᠦᠯᠬᠦ᠂ ᠦᠨᠡᠨ ᠪᠤᠳᠠᠳᠤ ᠪᠠᠶᠢᠳᠠᠯ ᠢᠶᠠᠨ ᠳᠠᠷᠤᠵᠤ ᠨᠢᠭᠤᠬᠤ᠂  ᠬᠠᠭᠤᠷᠮᠠᠭ ᠢᠶᠠᠷ ᠵᠤᠬᠢᠶᠠᠬᠤ ᠵᠡᠷᠬᠡ ᠠᠷᠭ᠎ᠠ ᠪᠠᠷᠢᠯ ᠢᠶᠠᠷ ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ   ᠶᠢᠨ ᠠᠮᠢᠳᠤᠷᠠᠯ ᠤᠨ ᠪᠠᠳᠤᠯᠠᠭ᠎ᠠ ᠶᠢᠨ ᠨᠦᠬᠦᠪᠦᠷᠢ ᠶᠢ ᠮᠡᠬᠡᠯᠡᠨ ᠬᠦᠷᠳᠡᠵᠦ ᠪᠤᠯᠬᠤ ᠦᠬᠡᠢ᠃ ᠬᠡᠷ ᠪᠦᠯᠢ ᠶᠢᠨ  ᠤᠷᠤᠯᠭ᠎ᠠ ᠨᠢ ᠪᠠᠳᠤᠯᠠᠭ᠎ᠠ ᠶᠢᠨ ᠪᠠᠷᠢᠮᠵᠢᠶ᠎ᠠ ᠠᠴᠠ ᠳᠠᠪᠠᠪᠠᠯ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠰᠠᠨᠠᠭᠠᠴᠢᠯᠭ᠎ᠠ   ᠠᠴᠠ ᠪᠠᠨ ᠮᠡᠳᠡᠭᠳᠡᠪᠡᠯ ᠵᠤᠬᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号