ᠶᠠᠭᠤ ᠶᠢ ᠬᠦᠳᠡᠭᠡ ᠳᠤᠰᠬᠤᠨ ᠮᠠᠯᠵᠢᠬᠤ ᠤᠷᠤᠨ ᠤ ᠬᠠᠮᠤᠭ ᠨᠠᠭᠠᠳᠤ ᠵᠠᠬ᠎ᠠ ᠶᠢᠨ ᠪᠠᠳᠤᠯᠠᠭ᠎ᠠ ᠬᠡᠬᠦ ᠪᠤᠢ︖
ᠨᠡᠶᠢᠲᠡᠯᠡᠭᠰᠡᠨ ᠴᠠᠭ᠄
2016/7/20
      ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ   ᠤᠨ ᠪᠠᠳᠤᠯᠠᠭ᠎ᠠ ᠶᠢᠨ ᠳᠦᠷᠢᠮ ︵ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠬᠡᠵᠦ  ᠳᠦᠬᠦᠮᠴᠢᠯᠡᠨ᠎ᠡ︶ ᠪᠤᠯ ᠵᠠᠰᠠᠭ ᠤᠨ ᠤᠷᠳᠤᠨ ᠠᠴᠠ ᠬᠦᠳᠡᠭᠡ ᠳᠤᠰᠬᠤᠨ ᠮᠠᠯᠵᠢᠬᠤ ᠤᠷᠤᠨ ᠤ ᠬᠡᠷ ᠪᠦᠯᠢ ᠶᠢᠨ  ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠳᠤᠰ ᠭᠠᠵᠠᠷ ᠤᠨ ᠬᠦᠳᠡᠭᠡ ᠳᠤᠰᠬᠤᠨ ᠮᠠᠯᠵᠢᠬᠤ ᠤᠷᠤᠨ ᠤ  ᠰᠠᠭᠤᠭᠠᠯᠢ ᠠᠷᠠᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ  ᠶᠠᠳᠠᠭᠤ ᠬᠦᠴᠢᠷᠳᠡᠯ ᠲᠠᠢ ᠬᠡᠷ ᠪᠦᠯᠢ ᠳᠤ ᠳᠦᠷᠦᠯ ᠬᠤᠪᠢᠶᠠᠨ ᠳᠡᠳᠬᠦᠬᠦ‍ ᠨᠢᠬᠡ ᠵᠦᠢᠯ ᠤᠨ ᠳᠦᠷᠢᠮ ᠪᠤᠯᠤᠨ᠎ᠠ᠃  ᠬᠦᠳᠡᠭᠡ ᠳᠤᠰᠬᠤᠨ ᠮᠠᠯᠵᠢᠬᠤ ᠤᠷᠤᠨ ᠤ ᠨᠠᠭᠠᠳᠤ ᠵᠠᠬ᠎ᠠ ᠶᠢᠨ ᠪᠠᠳᠤᠯᠠᠭ᠎ᠠ ᠶᠢ ᠡᠷᠡᠮᠡᠯᠵᠡᠯᠡᠬᠦ ᠳᠤ ᠴᠢᠩᠭ᠎ᠠ ᠨᠢᠮᠪᠠᠢ  ᠳᠤᠭᠳᠠᠭᠠᠯ ᠲᠠᠢ᠂ ᠵᠦᠪᠬᠡᠨ ᠬᠠᠥᠯᠢ ᠶᠢᠨ ᠳᠤᠭᠳᠠᠭᠠᠯ ᠳᠤ ᠨᠡᠶᠢᠴᠡᠭᠰᠡᠨ ᠨᠦᠬᠦᠴᠡᠯ ᠳᠤᠤᠷ᠎ᠠ᠂ ᠬᠤᠪᠢ ᠬᠦᠮᠦᠨ ᠤ  ᠤᠢ ᠤᠬᠠᠭᠠᠨ ᠤ ᠰᠢᠯᠳᠠᠭᠠᠨ᠂ ᠪᠠᠶᠢᠭᠠᠯᠢ ᠶᠢᠨ ᠭᠠᠮᠰᠢᠭ ᠤᠨ ᠰᠢᠯᠳᠠᠭᠠᠨ ᠪᠤᠶᠤ ᠨᠡᠶᠢᠬᠡᠮ ᠤᠨ ᠰᠢᠯᠳᠠᠭᠠᠨ ᠢᠶᠠᠷ  ᠠᠳᠠᠯ ᠠᠮᠢᠳᠤᠷᠠᠯ ᠨᠢ ᠬᠦᠴᠢᠷᠳᠡᠯ ᠳᠤ ᠳᠤᠯᠭᠠᠷᠠᠭᠰᠠᠨ ᠬᠦᠳᠡᠭᠡ ᠳᠤᠰᠬᠤᠨ ᠮᠠᠯᠵᠢᠬᠤ ᠤᠷᠤᠨ ᠤ ᠰᠠᠭᠤᠭᠠᠯᠢ  ᠠᠷᠠᠳ ᠲᠤ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠳᠡᠳᠬᠦᠮᠵᠢ ᠤᠯᠭᠤᠵᠤ ᠦᠨᠳᠦᠰᠦᠨ ᠠᠮᠢᠳᠤᠷᠠᠯ ᠢ ᠨᠢ ᠪᠠᠳᠤᠯᠠᠨ᠎ᠠ  ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠳᠡᠳᠬᠦᠮᠵᠢ ᠪᠤᠯ ᠠᠮᠢᠳᠤᠯᠢᠭ᠂ ᠳᠦᠷ ᠴᠠᠭ ᠤᠨ ᠤᠬᠤᠷ  ᠬᠤᠭᠤᠴᠠᠭ᠎ᠠ ᠲᠠᠢ᠂ ᠳᠤᠰᠠᠯᠠᠨ ᠳᠡᠳᠬᠦᠭᠰᠡᠨ ᠡᠳᠡᠬᠡᠳ ᠶᠠᠳᠠᠭᠤ ᠬᠦᠴᠢᠷᠳᠡᠯ ᠠᠴᠠ ᠪᠠᠨ ᠠᠩᠬᠢᠵᠢᠷᠠᠪᠠᠯ ᠳᠡᠬᠦᠨ ᠤ  ᠳᠤᠰᠠᠯᠠᠮᠵᠢ ᠳᠡᠳᠬᠦᠮᠵᠢ ᠶᠢ ᠠᠶᠠᠨᠳᠠᠭᠠᠨ ᠦᠬᠡᠶᠢᠰᠬᠡᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号