ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ ᠲᠢᠩᠬᠢᠮ ᠤᠨ ︽ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ | ᠨᠠᠶᠢᠳᠠᠪᠤᠷᠢᠵᠢᠭᠤᠯᠬᠤ ᠭᠡᠷᠡᠭᠵᠢᠬᠦᠯᠬᠦ ᠨᠠᠷᠢᠨ ᠲᠦᠷᠢᠮ︾ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | ᠡᠯ᠎ᠡ ᠠᠶᠢᠮᠠᠬ ᠬᠤᠳᠠ ᠶᠢᠨ ᠨᠠᠮ ᠤᠨ ᠬᠤᠷᠢᠶ᠎ᠠ᠂ ᠠᠶᠢᠮᠠᠬ ᠤᠨ ᠵᠠᠬᠢᠷᠭ᠎ᠠ ᠂ ᠬᠤᠳᠠ ᠶᠢᠨ ᠠᠷᠠᠳ ᠤᠨ | ᠵᠠᠰᠠᠬ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠬᠡᠯᠳᠡᠰ᠂ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ | ᠪᠤᠯᠤᠨ ᠡᠯ᠎ᠡ ᠠᠷᠠᠳ ᠤᠨ ᠪᠦᠯᠬᠦᠮ᠄ ︽ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ ᠨᠠᠶᠢᠳᠠᠪᠤᠷᠢᠵᠢᠭᠤᠯᠬᠤ ᠭᠡᠷᠡᠭᠵᠢᠬᠦᠯᠬᠦ | ᠨᠠᠷᠢᠨ ᠲᠦᠷᠢᠮ︾ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ | ᠵᠦᠪᠰᠢᠶᠡᠷᠡᠯ ᠢᠶᠠᠷ ᠨᠢᠭᠡᠨᠳᠡ ᠲᠠᠷᠤᠮᠠᠯᠯᠠᠨ ᠲᠠᠷᠬᠠᠭᠠᠪᠠ᠂ ᠲᠤᠭᠳᠠᠭᠠᠯ ᠶᠤᠰᠤᠭᠠᠷ ᠭᠡᠷᠡᠭᠵᠢᠬᠦᠯᠳᠦᠭᠡᠢ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠤᠷᠢᠶ᠎ᠠ ᠶᠢᠨ ᠠᠯᠪᠠᠨ ᠲᠢᠩᠬᠢᠮ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠠᠯᠪᠠᠨ | ᠲᠢᠩᠬᠢᠮ | 2016 ᠤᠨ ᠤ 7 ᠰᠠᠷ᠎ᠠ ᠶᠢᠨ 15 ᠤ ᠡᠳᠦᠷ | | ᠨᠢᠭᠡᠳᠦᠭᠡᠷ ᠪᠦᠯᠦᠭ ᠶᠡᠷᠦᠩᠭᠡᠢ ᠳᠦᠷᠢᠮ | | ᠨᠢᠭᠡᠳᠦᠭᠡᠷ ᠵᠦᠢᠯ ︽ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠬᠤ ᠲᠤᠬᠳᠠᠭᠠᠯ︾ ᠢ ᠭᠡᠷᠡᠭᠵᠢᠬᠦᠯᠵᠦ᠂ | ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠦ᠂ ᠠᠮᠤᠷ ᠠᠮᠣᠭᠤᠯᠠᠩ | ᠦᠪᠦᠷ ᠮᠤᠩᠭᠤᠯ᠂ ᠬᠠᠤᠯᠢᠵᠢᠯ ᠤᠨ ᠦᠪᠦᠷ ᠮᠤᠩᠭᠤᠯ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠬᠤ ᠶᠢᠨ | ᠲᠦᠯᠦᠭᠡ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠰ ᠨᠠᠷᠢᠨ | ᠳᠦᠷᠢᠮ ᠢ ᠲᠤᠬᠳᠠᠭᠠᠵᠠᠢ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠢ ᠪᠦᠬᠦ ᠤᠷᠤᠨ ᠤ ᠡᠯ᠎ᠠ ᠱᠠᠳᠤᠨ ᠤ ᠨᠠᠮ ᠤᠨ ᠪᠠᠶᠢᠭᠤᠯᠤᠯᠭ᠎ᠠ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ᠂ ᠵᠠᠰᠠᠭ ᠵᠠᠬᠢᠷᠭᠠᠨ ᠤ ᠪᠠᠶᠢᠭᠤᠯᠤᠯᠭ᠎ᠠ᠂ | ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ᠂ ᠰᠢᠬᠦᠨ ᠲᠠᠰᠤᠯᠬᠤ ᠪᠠᠶᠢᠭᠤᠯᠤᠯᠭ᠎ᠠ᠂ ᠪᠠᠶᠢᠴᠠᠭᠠᠬᠤ | ᠪᠠᠶᠢᠭᠤᠯᠤᠯᠭ᠎ᠠ ᠵᠢᠴᠢ ᠳᠡᠭᠦᠨ ᠤ ᠤᠳᠤᠷᠢᠳᠬᠤ ᠪᠠᠭ᠂ ᠤᠳᠤᠷᠢᠳᠬᠤ ᠺᠠᠳ᠋ᠷ ᠲᠤ ᠬᠡᠷᠡᠭᠯᠡᠨ᠎ᠠ᠃ | ᠠᠷᠠᠳ ᠤᠨ ᠪᠦᠯᠬᠦᠮ᠂ ᠠᠵᠤ ᠦᠢᠯᠡᠰ ᠤᠨ ᠨᠢᠭᠡᠴᠡ᠂ ᠤᠯᠤᠰ ᠤᠨ ᠦᠮᠴᠢᠯᠡᠯ ᠤᠨ ᠠᠵᠤ ᠠᠬᠤᠢᠢᠯᠠᠯ | ᠵᠢᠴᠢ ᠲᠡᠭᠦᠨ ᠤ ᠤᠳᠤᠷᠢᠳᠬᠤ ᠪᠠᠭ᠂ ᠤᠳᠤᠷᠢᠳᠬᠤ ᠺᠠᠳ᠋ᠷ᠂ ᠤᠳᠤᠷᠢᠳᠬᠤ ᠬᠦᠮᠦᠨ ᠳᠤ ᠲᠤᠰ ᠨᠠᠷᠢᠨ | ᠳᠦᠷᠢᠮ ᠢ ᠯᠠᠪᠯᠠᠯᠳᠠ ᠪᠣᠯᠭᠠᠨ ᠭᠡᠷᠡᠭᠵᠢᠬᠦᠯᠦᠨ᠎ᠠ᠃ | ᠭᠤᠷᠪᠠᠳᠤᠭᠠᠷ ᠵᠦᠢᠯ ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠬᠦᠯᠦᠨ ᠨᠠᠶᠢᠳᠠᠪᠣᠷᠢᠵᠢᠭᠤᠯᠬᠤ ᠳᠤ᠂ ᠳ᠋ᠸᠡᠭ ᠰᠢᠶᠤᠤ ᠫᠢᠡᠭ ᠤᠨ | ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠠᠴᠢ ᠭᠦᠭᠵᠢᠯᠳᠠ ᠶᠢᠨ | ᠦᠵᠡᠯᠳᠠ ᠪᠠᠷ ᠵᠢᠯᠤᠭᠤᠳᠤᠯᠭ᠎ᠠ ᠪᠣᠯᠭᠠᠵᠣ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠡᠷᠢᠶ᠎ᠠ ᠨᠤᠭᠤᠳ ᠤᠨ | ᠵᠤᠷᠢᠬ ᠰᠠᠨᠠᠭ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠡᠷᠢᠶ᠎ᠠ ᠶᠢᠨ ᠵᠤᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠶᠢᠨ ᠲᠤᠭᠤᠷᠢᠨ ᠳᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ᠂ ᠬᠠᠤᠯᠢᠵᠢᠯ ᠤᠨ ᠰᠡᠳᠬᠢᠬᠦᠢ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢ | ᠪᠠᠷᠢᠮᠳᠠᠯᠠᠵᠤ᠂ ︽ᠵᠠᠩᠭᠢᠯᠠᠭ᠎ᠠ ᠶᠢᠨ ᠴᠦᠭᠡᠨ ᠲᠤᠭᠠᠳᠠᠨ︾ ᠢ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ | ᠤᠬᠠᠮᠰᠠᠷ ᠢᠶᠠᠨ ᠴᠢᠩᠭᠠᠳᠬᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠨᠡᠯᠡᠬᠦ᠂ | ᠱᠠᠯᠠᠪᠳᠠᠭᠤᠯᠤᠨ ᠪᠠᠶᠢᠴᠠᠭᠠᠬᠤ᠂ ᠰᠢᠯᠭᠠᠨ ᠦᠨᠡᠯᠡᠬᠦ᠂ ᠤᠷᠮᠠᠰᠢᠭᠤᠯᠤᠨ ᠵᠤᠷᠢᠬᠵᠢᠭᠤᠯᠬᠤ᠂ ᠵᠠᠯᠬᠠᠭᠠᠨ ᠴᠡᠭᠡᠷᠯᠡᠬᠦᠯᠬᠦ | ᠵᠡᠷᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠵᠦᠪ ᠤᠨᠤᠪᠴᠢᠳᠠᠢ | ᠤᠳᠤᠷᠢᠳᠤᠮᠵᠢ ᠶᠢ ᠪᠦᠷᠢᠯᠳᠦᠬᠦᠯᠵᠦ᠂ ᠡᠯ᠎ᠠ ᠱᠠᠳᠤᠨ ᠤ ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠲᠤ | ᠳᠣᠰ ᠭᠠᠵᠠᠷ ᠤᠷᠤᠨ ᠤ ᠪᠠᠨ ᠲᠤᠬᠳᠠᠭᠤᠨ ᠢ ᠬᠠᠮᠠᠭᠠᠯᠠᠬᠤ᠂ ᠳᠣᠰ ᠭᠠᠵᠠᠷ ᠤᠷᠤᠨ ᠤ ᠪᠠᠨ ᠠᠮᠤᠷ ᠲᠦᠪᠰᠢᠨ ᠢ | ᠪᠠᠳᠤᠯᠠᠬᠤ ᠬᠦᠨᠳᠦ ᠴᠢᠬᠤᠯᠠ ᠤᠯᠤᠰ ᠲᠦᠷᠦ ᠶᠢᠨ ᠡᠭᠦᠷᠭᠡ ᠶᠢ ᠦᠨᠡᠨᠬᠦ ᠡᠭᠦᠷᠭᠡᠯᠡᠭᠦᠯᠵᠦ᠂ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠲᠤᠬᠠᠢ ᠰᠢᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠤ᠂ ᠡᠭᠡ | ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠪᠠᠳᠤ ᠴᠣᠭᠴᠠᠯᠠᠬᠤ | ᠬᠡᠷᠡᠭᠳᠡᠢ᠃ | | ᠬᠤᠶᠠᠳᠤᠭᠠᠷ ᠪᠦᠯᠦᠭ ᠬᠠᠷᠢᠭᠤᠴᠠᠯᠭ᠎ᠠ ᠶᠢᠨ ᠭᠤᠤᠯ ᠴᠤᠬᠴᠠ ᠪᠠ ᠬᠠᠷᠢᠭᠤᠴᠠᠯᠭ᠎ᠠ ᠶᠢᠨ ᠠᠭᠤᠯᠭ᠎ᠠ | | ᠲᠦᠷᠪᠡᠳᠦᠭᠡᠷ ᠵᠦᠢᠯ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯ ᠨᠡᠶᠢᠭᠡᠮ ᠤᠨ | ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ ᠪᠠᠶᠢᠵᠤ᠂ ᠲᠤᠰ | ᠭᠠᠵᠠᠷ ᠤᠷᠤᠨ ᠤ ᠪᠠᠨ ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠶᠡᠷᠦᠩᠭᠡᠢ | ᠬᠠᠷᠢᠭᠤᠴᠠᠯᠭ᠎ᠠ ᠡᠭᠦᠷᠭᠡᠯᠡᠨ᠎ᠠ᠃ ᠡᠯ᠎ᠠ ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ ᠪᠤᠯ | ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠠᠷᠢᠭᠤᠴᠠᠯᠭᠠᠳᠤ ᠬᠦᠮᠦᠨ ᠪᠣᠯᠣᠨ᠎ᠠ᠂ | ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠤᠪᠢᠳᠠᠨ ᠬᠠᠮᠢᠶᠠᠷᠴᠣ ᠪᠠᠶᠢᠭ᠎ᠠ ᠨᠦᠬᠦᠳ ᠪᠤᠯ | ᠰᠢᠭᠤᠳ ᠬᠠᠷᠢᠭᠤᠴᠠᠯᠭᠠᠳᠤ ᠬᠦᠮᠦᠨ ᠪᠣᠯᠣᠨ᠎ᠠ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ | ᠬᠤᠪᠢᠳᠠᠨ ᠬᠠᠮᠢᠶᠠᠷᠴᠣ ᠪᠠᠶᠢᠭ᠎ᠠ ᠠᠵᠢᠯ ᠤᠨ ᠢᠶᠠᠨ ᠬᠡᠪᠴᠢᠶᠡᠨ ᠳᠠᠬᠢ ᠨᠡᠶᠢᠭᠡᠮ ᠤᠨ ᠠᠮᠣᠷ ᠲᠦᠪᠰᠢᠨ ᠢ | ᠶᠡᠷᠦᠩᠬᠡᠶᠢᠯᠡᠨ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠨ᠎ᠠ᠃ | ᠲᠠᠪᠤᠳᠤᠭᠠᠷ ᠵᠦᠢᠯ ᠡᠯ᠎ᠡ ᠱᠠᠲᠦᠨ ᠤ ᠨᠠᠮ ᠵᠠᠰᠠᠭ ᠤᠨ ᠤᠳᠤᠷᠢᠳᠬᠤ ᠪᠠᠭ ᠭᠤᠤᠯᠳᠠᠭᠤ ᠳᠤᠤᠷᠠᠬᠢ | ᠨᠡᠶᠢᠭᠡᠮ ᠤᠨ ᠠᠮᠤᠷ ᠲᠦ᠋ᠪᠰᠢᠨ ᠢ ᠶᠡᠷᠦᠩᠬᠡᠶᠢᠯᠡᠨ ᠵᠠᠰᠠᠬᠤ ᠬᠠᠷᠢᠭᠤᠴᠠᠯᠭ᠎ᠠ ᠶᠢ ᠡᠬᠦᠷᠭᠡᠯᠡᠨ᠎ᠡ᠄ | ︵ᠨᠢᠭᠡ︶ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠳᠣᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠦ᠂ ᠡᠳᠦᠷ ᠳᠣᠳᠣᠮ ᠤᠨ ᠴᠢᠬᠤᠯᠠ ᠵᠦᠪᠯᠡᠬᠦ ᠵᠦᠢᠯ ᠳᠡᠭᠡᠨ | ᠤᠷᠤᠭᠤᠯᠵᠦ᠂ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠲᠦᠯᠦᠪᠵᠢᠬᠦᠯᠭᠡ ᠳᠡᠭᠡᠨ | ᠤᠷᠤᠭᠤᠯᠵᠦ᠂ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠬᠦᠮᠦᠨ ᠤ | ᠬᠦᠴᠦᠨ ᠪᠤᠳᠠᠰ ᠤᠨ ᠬᠦᠴᠦᠨ ᠡᠳ᠋ ᠤᠨ ᠬᠦᠴᠦᠨ ᠤ ᠳᠠᠯ᠎ᠠ ᠠᠴᠠ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠤᠨ ᠤᠷᠤᠬᠰᠢᠲᠠᠢ ᠶᠠᠪᠤᠬᠳᠠᠬᠤ ᠶᠢ ᠪᠠᠲᠤᠯᠠᠨ᠎ᠠ︔ | ︵ᠬᠤᠶᠠᠷ︶ ᠬᠠᠷᠢᠶ᠎ᠠ ᠭᠠᠵᠠᠷ ᠤᠨ ᠬᠠᠮᠢᠶᠠᠷᠤᠯᠳᠠ ᠪᠤᠯᠤᠨ ᠬᠡᠨ ᠭᠤᠤᠯᠯᠠᠨ ᠬᠠᠮᠢᠶᠠᠷᠪᠠᠯ ᠬᠡᠨ | ᠬᠠᠷᠢᠭᠤᠴᠠᠬᠤ ᠵᠠᠷᠴᠢᠮ ᠢ ᠨᠠᠶᠢᠳᠠᠪᠤᠷᠢᠵᠢᠭᠤᠯᠵᠦ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠤᠷᠳᠦᠨ | ᠭᠤᠣᠯᠯᠠᠭᠰᠠᠨ᠂ ᠶᠡᠷᠦᠩᠬᠡᠶᠢᠯᠡᠨ ᠵᠠᠰᠠᠬᠤ ᠪᠠᠶᠢᠭᠤᠯᠣᠮᠵᠢ ᠵᠤᠬᠢᠴᠠᠭᠤᠯᠣᠭᠰᠠᠨ᠂ ᠡᠯ᠎ᠡ ᠰᠠᠯᠠᠭ᠎ᠠ ᠮᠦᠴᠢᠷ ᠴᠤᠭᠭᠠᠷ | ᠠᠳᠬᠤᠨ ᠬᠠᠮᠲᠤᠪᠡᠷ ᠬᠠᠮᠢᠶᠠᠷᠣᠭᠰᠠᠨ᠂ ᠨᠡᠶᠢᠭᠡᠮ ᠤᠨ ᠬᠦᠴᠦᠨ ᠢᠳᠡᠪᠬᠢᠲᠡᠢ ᠤᠷᠤᠯᠴᠠᠬᠰᠠᠨ ᠨᠡᠶᠢᠬᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠷᠢᠰᠢᠯ ᠢ ᠢᠳᠡᠪᠬᠢᠲᠡᠢ ᠪᠦᠷᠢᠯᠳᠦᠭᠦᠯᠦᠨ᠎ᠡ︔ | ︵ᠭᠤᠷᠪᠠ︶ ᠲᠤᠬᠲᠠᠬᠰᠠᠨ ᠬᠤᠭᠤᠴᠠᠭ᠎ᠠ ᠲᠠᠢ ᠪᠠᠷ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ᠂ ᠵᠠᠰᠠᠭ ᠤᠨ ᠤᠷᠳᠦᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠦ᠂ ᠨᠡᠶᠢᠬᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠦ᠂ | ᠪᠦᠬᠦ ᠲᠠᠯ᠎ᠠ ᠲᠠᠢ ᠬᠤᠯᠪᠤᠬᠳᠠᠬᠤ ᠭᠤᠤᠯᠳᠠᠯᠭ᠎ᠠ ᠲᠠᠢ ᠠᠵᠢᠯ ᠢ ᠲᠤᠰᠬᠠᠢ ᠰᠡᠳᠦᠪ ᠢᠶᠠᠷ ᠰᠤᠳᠤᠯᠬᠤ ᠪᠤᠯᠤᠨ | ᠨᠢᠭᠡᠲᠦᠯᠲᠡᠢ ᠲᠦᠯᠦᠪᠵᠢᠭᠦᠯᠦᠨ ᠵᠤᠬᠢᠴᠠᠭᠤᠯᠤᠨ᠎ᠠ᠃ | ᠵᠢᠷᠭᠤᠳᠤᠭᠠᠷ ᠵᠦᠢᠯ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠤᠯᠭ᠎ᠠ ᠨᠢᠭᠡᠴᠡ ᠦᠪᠡᠷ ᠦᠪᠡᠷᠰᠡᠳ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠡᠬᠦᠷᠭᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ | ᠬᠠᠥᠯᠢ ᠠᠴᠠ ᠵᠦᠷᠢᠴᠡᠨ ᠶᠠᠯ᠎ᠠ ᠬᠢᠬᠦ ᠶᠢ ᠰᠡᠷᠭᠡᠶᠢᠯᠡᠬᠦ ᠪᠤᠯᠤᠨ ᠪᠠᠭᠠᠰᠬᠠᠬᠤ᠂ ᠨᠡᠶᠢᠭᠡᠮ ᠤᠨ ᠠᠮᠤᠷ ᠲᠦᠪᠰᠢᠨ | ᠪᠤᠯᠤᠨ ᠨᠡᠶᠢᠭᠡᠮ ᠤᠨ ᠲᠤᠬᠲᠠᠭᠤᠨ ᠢ ᠬᠠᠮᠠᠭᠠᠯᠠᠬᠤ᠂ ᠠᠷᠠᠳ ᠤᠯᠠᠨ ᠤ ᠠᠮᠤᠷ ᠲᠦᠪᠰᠢᠨ ᠪᠠᠶᠢᠬᠤ | ᠰᠡᠳᠬᠢᠯᠭᠡ ᠶᠢ ᠨᠡᠮᠡᠭᠳᠡᠬᠦᠯᠬᠦ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠰᠠᠶᠢᠳᠣᠷ ᠡᠬᠦᠷᠭᠡᠯᠡᠬᠦ ᠬᠡᠷᠡᠭᠲᠡᠢ᠃ | | ︵ᠨᠢᠭᠡ︶ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠶᠡᠷᠦᠩᠬᠡᠶᠢᠯᠡᠨ ᠵᠠᠰᠠᠬᠤ ᠠᠵᠢᠯ ᠪᠤᠯᠤᠨ ᠲᠤᠬᠠᠢᠢᠯᠠᠬᠰᠠᠨ ᠠᠵᠢᠯ ᠢᠶᠠᠨ | ᠬᠠᠮᠲᠤ ᠳᠤᠨᠢ ᠲᠦᠯᠦᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠦ᠂ ᠬᠠᠮᠲᠤ ᠳᠤᠨᠢ ᠪᠠᠶᠢᠴᠠᠭᠠᠵᠦ᠂ ᠬᠠᠮᠲᠤ ᠳᠤᠨᠢ | ᠨᠠᠶᠢᠳᠠᠪᠤᠷᠢᠵᠢᠭᠤᠯᠵᠤ᠂ ᠬᠠᠮᠲᠤ ᠳᠤᠨᠢ ᠬᠢᠨᠠᠨ ᠰᠢᠯᠭᠠᠨ᠎ᠠ︔ | ︵ᠬᠤᠶᠠᠷ︶ ᠨᠡᠶᠢᠭᠡᠮ ᠤᠨ ᠵᠦᠷᠢᠴᠡᠯ ᠢ ᠢᠳᠡᠪᠬᠢᠲᠡᠢ ᠪᠠᠷ ᠰᠡᠷᠭᠡᠶᠢᠯᠡᠨ ᠨᠠᠮᠳᠠᠭᠤᠯᠵᠦ᠂ ᠲᠤᠰ ᠠᠵᠢᠯ | ᠲᠦᠷᠦᠯ ᠲᠤᠰ ᠰᠢᠰᠲᠧᠮ ᠤᠨ ᠢᠶᠠᠨ ᠡᠯ᠎ᠡ ᠵᠦᠢᠯ ᠤᠨ ᠳᠠᠯᠳᠠ ᠭᠡᠮ ᠰᠣᠭᠤᠭ ᠪᠤᠯᠤᠨ ᠠᠰᠠᠭᠤᠳᠠᠯ ᠢ ᠴᠠᠭ | ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠲᠦᠭᠰᠢᠬᠦᠷᠢ ᠶᠢ | ᠪᠦᠲᠦᠮᠵᠢᠲᠡᠢ ᠬᠠᠮᠢᠶᠠᠷᠤᠨ ᠡᠵᠡᠮᠳᠡᠨ᠎ᠡ︔ | ︵ᠭᠤᠷᠪᠠ︶ ᠲᠤᠰ ᠠᠵᠢᠯ ᠲᠦᠷᠦᠯ ᠲᠤᠰ ᠰᠢᠰᠲᠧᠮ ᠤᠨ ᠢᠶᠠᠨ ᠦᠨᠳᠦᠰᠦᠨ ᠱᠠᠲᠦᠨ ᠤ ᠠᠮᠤᠷ | ᠠᠮᠣᠭᠤᠯᠠᠩ ᠤᠨ ᠪᠠᠶᠢᠭᠤᠯᠤᠯᠲᠠ ᠶᠢ ᠵᠢᠯᠤᠭᠤᠳᠤᠨ ᠠᠬᠢᠭᠤᠯᠤᠨ᠎ᠠ︔ | ︵ᠳᠦᠷᠪᠡ︶ ᠠᠳᠠᠯᠢ ᠨᠢᠭᠡ ᠱᠠᠲᠦᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠵᠢᠴᠢ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠪᠤᠯᠤᠨ ᠳᠡᠭᠡᠷ᠎ᠡ ᠱᠠᠲᠦᠨ ᠤ ᠰᠠᠯᠠᠭ᠎ᠠ ᠮᠦᠴᠢᠷ ᠲᠡᠭᠡᠨ ᠲᠤᠰ | ᠠᠵᠢᠯ ᠲᠦᠷᠦᠯ ᠲᠤᠰ ᠰᠢᠰᠲᠧᠮ ᠤᠨ ᠢᠶᠠᠨ ᠨᠡᠶᠢᠬᠡᠮ ᠤᠨ ᠠᠮᠤᠷ ᠲᠦᠪᠰᠢᠨ ᠪᠤᠯᠤᠨ ᠨᠡᠶᠢᠭᠡᠮ ᠤᠨ ᠲᠤᠬᠲᠠᠭᠤᠨ ᠢ | ᠨᠦᠯᠦᠬᠡᠯᠡᠬᠦ ᠬᠦᠨᠳᠦ ᠤᠨᠴᠠ ᠶᠡᠭᠡ ᠬᠡᠷᠡᠭ ︵ᠶᠠᠪᠤᠳᠠᠯ︶ ᠤᠨ ᠪᠠᠶᠢᠳᠠᠯ᠂ ᠬᠦᠨᠳᠦ ᠶᠡᠭᠡ ᠳᠠᠯᠳᠠ ᠭᠡᠮ | ᠰᠣᠭᠤᠭ ᠤᠨ ᠠᠰᠠᠭᠤᠳᠠᠯ ᠢ ᠴᠠᠭ ᠲᠤᠬᠠᠢ ᠳᠤᠨᠢ ᠮᠡᠳᠡᠬᠦᠯᠬᠦ ᠶᠢᠨ ᠬᠠᠮᠳᠣ᠂ ᠲᠦᠷᠦᠬᠦᠯᠡᠨ ᠰᠢᠢᠳᠪᠦᠷᠢᠯᠡᠬᠦ | ᠪᠣᠶᠣ ᠬᠠᠮᠢᠶ᠎ᠠ ᠪᠦᠬᠦᠢ ᠭᠠᠵᠠᠷ ᠤᠷᠤᠨ᠂ ᠰᠠᠯᠠᠭ᠎ᠠ ᠮᠦᠴᠢᠷ ᠲᠠᠢ ᠬᠠᠮᠵᠢᠯᠴᠠᠨ ᠬᠠᠥᠯᠢ ᠶᠤᠰᠤᠭᠠᠷ ᠰᠢᠢᠳᠪᠦᠷᠢᠯᠡᠨ᠎ᠡ᠃ | | ᠳᠤᠯᠤᠳᠤᠭᠠᠷ ᠵᠦᠢᠯ ᠡᠯ᠎ᠡ ᠱᠠᠲᠤᠨ ᠤ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠵᠦᠪᠯᠡᠯ | ᠵᠢᠴᠢ ᠲᠠᠬᠦᠨ ᠤ ᠠᠯᠪᠠᠨ ᠭᠡᠷ ᠨᠢ ᠲᠤᠰ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠨᠢᠬᠡᠳᠥᠯᠲᠠᠢ | ᠤᠳᠤᠷᠢᠳᠤᠯᠭ᠎ᠠ ᠳᠤᠤᠷ᠎ᠠ᠂ ᠡᠯ᠎ᠡ ᠬᠤᠯᠪᠤᠭᠳᠠᠯ ᠪᠥᠬᠦᠢ ᠪᠠᠶᠢᠭᠤᠯᠤᠯᠭ᠎ᠠ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ | ᠨᠡᠶᠢᠭᠡᠮ ᠤᠨ ᠠᠮᠤᠷ ᠲᠦᠪᠰᠢᠨ ᠢ ᠶᠡᠷᠥᠩᠭᠡᠶᠢᠯᠡᠨ ᠵᠠᠰᠠᠬᠤ ᠠᠵᠢᠯ ᠳᠤ ᠤᠷᠤᠯᠴᠠᠭᠤᠯᠬᠤ ᠬᠡᠷᠡᠭᠳᠡᠢ᠃ | ︵ᠨᠢᠬᠡ︶ ᠡᠯ᠎ᠡ ᠪᠦᠷᠢᠯᠳᠤᠬᠦᠨ ᠨᠢᠭᠡᠴᠡ ᠶᠢ ᠤᠳᠤᠷᠢᠳᠬᠤ ᠪᠠ ᠵᠤᠬᠢᠶᠠᠨ ᠪᠠᠶᠢᠭᠤᠯᠤᠨ ᠵᠤᠬᠢᠴᠠᠭᠤᠯᠵᠤ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠡ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠰᠢᠢᠳᠪᠥᠷᠢᠳᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠠᠮᠤᠭᠤᠯᠠᠩ ᠥᠪᠥᠷ | ᠮᠤᠩᠭᠤᠯ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠬᠤ ᠬᠡᠷᠡᠭᠳᠠᠢ᠃ | ︵ᠬᠤᠶᠠᠷ︶ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠠᠵᠢᠯ ᠤᠨ ᠤᠨ ᠤ ᠭᠤᠤᠯᠳᠠᠯᠭ᠎ᠠ ᠶᠢ | ᠲᠤᠭᠲᠠᠭᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠬᠠᠷᠠᠯᠳᠠᠳᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠷᠢᠯᠢᠠᠠᠵᠢᠭᠤᠯᠤᠨ ᠬᠤᠪᠢᠶᠠᠵᠤ᠂ ᠭᠠᠵᠠᠷ ᠤᠷᠤᠨ ᠠᠯᠤᠰᠯᠠᠵᠤ ᠰᠠᠯᠠᠭ᠎ᠠ ᠮᠦᠴᠢᠷ | ᠠᠯᠤᠰᠯᠠᠭᠰᠠᠨ ᠨᠡᠶᠢᠭᠡᠮ ᠤᠨ ᠠᠮᠤᠷ ᠲᠦᠪᠰᠢᠨ ᠤ ᠲᠤᠪᠤᠶᠢᠮ᠎ᠠ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠬᠦ | ᠬᠡᠷᠡᠭᠳᠠᠢ᠃ | ︵ᠭᠤᠷᠪᠠ︶ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠢ | ᠶᠡᠷᠥᠩᠬᠡᠶᠢᠯᠡᠨ ᠵᠠᠰᠠᠬᠤ ᠠᠵᠢᠯ ᠤᠨ ᠰᠢᠨ᠎ᠠ ᠶᠢ ᠡᠭᠦᠳᠴᠦ᠂ ᠨᠡᠶᠢᠳᠡᠯᠢᠭ ᠲᠤᠷᠰᠢᠯᠭ᠎ᠠ ᠶᠢ ᠳ᠋ᠦᠩᠨᠡᠵᠦ ᠲᠦᠭᠡᠮᠡᠯᠵᠢᠭᠦᠯᠬᠦ | ᠬᠡᠷᠡᠭᠳᠠᠢ᠃ | ︵ᠳᠥᠷᠪᠡ︶ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ᠋ ᠠᠵᠢᠯ ᠢ | ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠤᠷᠢᠯᠡᠬᠦᠯᠬᠦ ᠲᠦᠷᠢᠮ ᠢ ᠪᠠᠶᠢᠭᠤᠯᠵᠤ᠂ ᠨᠡᠶᠢᠭᠡᠮ ᠤᠨ ᠠᠮᠤᠷ | ᠲᠦᠪᠰᠢᠨ ᠢ ᠶᠡᠷᠥᠩᠬᠡᠶᠢᠯᠡᠨ ᠵᠠᠰᠠᠬᠤ ᠲᠤᠮᠤ ᠴᠢᠬᠤᠯᠠ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠤᠳᠤᠷᠢᠳᠤᠯᠭ᠎ᠠ ᠲᠤᠰᠢᠶᠠᠨ ᠰᠢᠢᠳᠪᠦᠷᠢᠯᠡᠭᠦᠯᠬᠦ ᠲᠤᠮᠤ | ᠴᠢᠬᠤᠯᠠ ᠬᠡᠷᠡᠭ ᠶᠠᠪᠤᠳᠠᠯ ᠢ ᠰᠢᠢᠳᠪᠤᠷᠢᠯᠡᠵᠥ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠨᠠᠶᠢᠭᠡᠮ ᠤᠨ | ᠠᠮᠤᠷ ᠲᠦᠪᠰᠢᠨ ᠤ ᠡᠮᠬᠢ ᠲᠢᠭᠯᠢᠮ ᠤᠷᠲᠥ ᠬᠤᠭᠤᠴᠠᠭ᠎ᠠ ᠰᠠᠮᠠᠭᠤᠷᠠᠭᠰᠠᠨ᠂ ᠤᠯᠠᠨ ᠲᠦᠮᠡᠨ ᠤ ᠳᠤᠰᠬᠠᠯ ᠶᠡᠭᠡᠳᠠᠢ | ᠭᠠᠵᠠᠷ ᠤᠷᠤᠨ᠂ ᠪᠠᠶᠢᠭᠤᠯᠤᠯᠭ᠎ᠠ ᠨᠢᠬᠡᠴᠡ ᠪᠤᠶᠤ ᠲᠥᠪ᠂ ᠥᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ | ᠬᠠᠮᠢᠶᠠᠷᠤᠯᠲᠠ ᠶᠢᠨ ᠭᠠᠵᠠᠷ ᠤᠷᠤᠨ᠂ ᠪᠠᠶᠢᠭᠤᠯᠤᠯᠭ᠎ᠠ ᠨᠢᠬᠡᠴᠡ ᠶᠢ ᠱᠠᠯᠠᠪᠳᠠᠭᠤᠯᠤᠨ ᠰᠢᠢᠳᠪᠦᠷᠢᠯᠡᠭᠦᠯᠵᠤ᠂ | ᠲᠤᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠪᠠ | ᠤᠳᠤᠷᠢᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠬᠤ ᠬᠡᠷᠡᠭᠳᠠᠢ᠃ | ︵ᠲᠠᠪᠤ︶ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ᠂ ᠠᠵᠢᠯ ᠤᠨ ᠳᠤᠮᠲᠠ | ᠢᠯᠡᠷᠡᠭᠰᠡᠨ ᠳᠤᠪᠤᠶᠢᠮ᠎ᠡ ᠠᠰᠠᠭᠤᠳᠠᠯ ᠢ ᠵᠤᠬᠢᠴᠠᠭᠤᠯᠤᠨ ᠰᠢᠢᠳᠪᠥᠷᠢᠯᠡᠵᠦ᠂ ᠨᠠᠮ ᠤᠨ ᠬᠤᠷᠢᠶ᠎ᠠ᠂ ᠵᠠᠰᠠᠭ ᠤᠨ | ᠤᠷᠳᠤᠨ ᠳᠤ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ | ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠬᠤ ᠬᠡᠷᠡᠭᠳᠠᠢ᠃ | | ᠭᠤᠷᠪᠠᠳᠤᠭᠠᠷ ᠪᠥᠯᠥᠭ ᠱᠠᠯᠠᠪᠳᠠᠭᠤᠯᠤᠨ ᠪᠠᠶᠢᠴᠠᠭᠠᠬᠤ | | ᠨᠠᠢᠮᠠᠳᠤᠭᠠᠷ ᠵᠦᠢᠯ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠤᠯᠭ᠎ᠠ ᠨᠢᠭᠡᠴᠡ | ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ ᠬᠠᠷᠠᠯᠳᠠᠳᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠳᠥᠷᠢᠮ ᠢ ᠪᠠᠶᠢᠭᠤᠯᠬᠤ ᠪᠠ ᠲᠡᠭᠦᠯᠳᠡᠷᠵᠢᠭᠦᠯᠵᠥ᠂ ᠨᠡᠶᠢᠭᠡᠮ ᠤᠨ ᠠᠮᠤᠷ ᠲᠦᠪᠰᠢᠨ ᠢ | ᠶᠡᠷᠥᠩᠬᠡᠶᠢᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠬᠡᠳᠥᠨ ᠪᠤᠲᠠᠲᠠᠢ ᠬᠠᠷᠠᠯᠲᠠ ᠪᠤᠯᠭᠠᠨ ᠬᠤᠪᠢᠶᠠᠵᠤ᠂ | ᠭᠦᠢᠴᠡᠳᠭᠡᠨ ᠪᠠᠶᠢᠴᠠᠭᠠᠬᠤ ᠳᠤ ᠬᠢᠯᠪᠠᠷ ᠠᠷᠭ᠎ᠠ ᠲᠤᠭᠳᠠᠭᠠᠨ᠂ ᠡᠷᠡᠰ ᠴᠢᠩᠭ᠎ᠠ ᠱᠠᠯᠠᠪᠳᠠᠭᠤᠯᠤᠨ ᠪᠠᠶᠢᠴᠠᠭᠠᠬᠤ | ᠳᠥᠷᠢᠮ᠂ ᠪᠠᠷᠢᠮᠵᠢᠶ᠎ᠡ ᠲᠤᠭᠳᠠᠭᠠᠨ ᠪᠠᠶᠢᠴᠠᠭᠠᠬᠤ ᠳᠥᠷᠢᠮ᠂ ᠦᠨᠡᠯᠡᠨ ᠱᠠᠩᠨᠠᠵᠤ ᠲᠤᠷᠭᠠᠬᠤ ᠲᠥᠷᠢᠮ ᠢ | ᠲᠤᠭᠲᠠᠭᠠᠬᠤ ᠬᠡᠷᠡᠭᠳᠠᠢ᠃ | ᠶᠢᠰᠤᠳᠤᠭᠡᠷ ᠵᠦᠢᠯ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠤᠯᠭ᠎ᠠ ᠨᠢᠭᠡᠴᠡ | ᠲᠡᠭᠡᠷ᠎ᠠ ᠠᠴᠠ ᠲᠤᠷᠤᠭᠰᠢ ᠱᠠᠲᠤ ᠱᠠᠳᠤ ᠪᠠᠷ ᠨᠡᠶᠢᠭᠡᠮ ᠤᠨ ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ | ᠬᠠᠷᠢᠭᠤᠴᠠᠯᠭ᠎ᠠ ᠶᠢᠨ ᠪᠢᠴᠢᠭ ᠲᠤᠭᠲᠠᠵᠤ᠂ ᠠᠵᠢᠯ ᠤᠨ ᠭᠤᠤᠯᠳᠠᠯᠭ᠎ᠠ ᠪᠠ ᠬᠠᠷᠠᠯᠲᠠ ᠶᠢᠨ ᠱᠠᠭᠠᠷᠳᠠᠯᠭ᠎ᠠ ᠶᠢ | ᠲᠤᠳᠤᠷᠬᠠᠢᠢᠯᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠱᠠᠲᠥ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠳᠠᠢ᠃ | | ᠠᠷᠪᠠᠳᠤᠭᠠᠷ ᠵᠦᠢᠯ ᠡᠯ᠎ᠡ ᠱᠠᠳᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠠᠯ | ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠭᠡᠷᠡᠭᠵᠢᠬᠦᠯᠦᠭᠰᠡᠨ ᠪᠠᠶᠢᠳᠠᠯ ᠢᠶᠠᠨ ᠠᠳᠠᠯᠢ ᠱᠠᠳᠤᠨ ᠤ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠳᠤ ᠠᠵᠢᠯ ᠤᠨ | ᠮᠡᠳᠡᠬᠦᠯᠦᠯᠳᠡ ᠬᠢᠬᠦ ᠨᠢᠭᠡᠨ ᠴᠢᠬᠤᠯᠠ ᠠᠭᠤᠯᠭ᠎ᠠ ᠪᠤᠯᠭᠠᠬᠤ ᠬᠡᠷᠡᠭᠳᠠᠢ᠃ | ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠭ ᠪᠠ ᠬᠠᠮᠢᠶ᠎ᠠ ᠪᠦᠬᠦᠢ ᠺᠠᠳ᠋ᠷ ᠨᠡᠶᠢᠭᠡᠮ ᠤᠨ | ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠡᠶᠡᠯᠡᠬᠦᠯᠦᠭᠰᠡᠨ ᠪᠠᠶᠢᠳᠠᠯ ᠢᠶᠠᠨ ᠤᠨ ᠤ ᠡᠭᠦᠷᠭᠡ | ᠳᠤᠰᠢᠶᠠᠯ ᠢᠶᠠᠨ ᠭᠦᠢᠴᠡᠳᠭᠡᠭᠰᠡᠨ ᠬᠠᠷᠢᠭᠤ ᠮᠡᠳᠡᠬᠦᠯᠦᠯᠳᠡ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠳᠠᠢ᠃ | ᠠᠷᠪᠠᠨ ᠨᠢᠭᠡᠳᠤᠭᠡᠷ ᠵᠦᠢᠯ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠵᠦᠪᠯᠡᠯ ᠤᠨ | ᠪᠦᠷᠢᠯᠳᠤᠬᠦᠨ ᠨᠢᠭᠡᠴᠡ ᠵᠢᠯ ᠪᠦᠷᠢ ᠳᠤᠰ ᠪᠠᠶᠢᠭᠤᠯᠤᠯᠭ᠎ᠠ ᠳᠤᠰ ᠰᠢᠰᠲᠧᠮ ᠤᠨ ᠨᠡᠶᠢᠭᠡᠮ ᠤᠨ ᠠᠮᠦᠷ | ᠲᠥ᠋ᠪᠰᠢᠨ ᠢ ᠶᠡᠷᠦᠩᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠦᠷᠨᠢᠬᠦᠯᠦᠭᠰᠡᠨ ᠪᠠ ᠠᠮᠤᠷ ᠠᠮᠤᠭᠤᠯᠠᠩ | ᠪᠠᠶᠢᠭᠤᠯᠤᠯᠳᠠ ᠶᠢ ᠲᠦᠯᠬᠢᠨ ᠠᠬᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠳ᠋ᠦᠡᠭᠨᠡᠵᠤ᠂ ᠳᠠᠷᠠᠭ᠎ᠠ ᠵᠢᠯ ᠤᠨ | ᠠᠵᠢᠯ ᠳᠤ ᠲᠤᠬᠢᠷᠠᠭᠤᠯᠤᠯᠳᠠ ᠬᠢᠵᠤ᠂ ᠲᠠᠷᠠᠴᠢᠯᠠᠨ ᠲᠤᠰ ᠱᠠᠳᠤᠨ ᠤ ᠨᠡᠶᠢᠭᠡᠮ ᠤᠨ ᠠᠮᠦᠷ ᠲᠥ᠋ᠪᠰᠢᠨ ᠢ | ᠶᠡᠷᠦᠩᠭᠡᠶᠢᠯᠡᠨ ᠵᠠᠰᠠᠬᠤ ᠵᠦᠪᠯᠡᠯ ᠳᠤ ᠮᠡᠳᠡᠬᠦᠯᠬᠦ ᠬᠡᠷᠡᠭᠳᠠᠢ᠃ | ᠳᠤᠤᠷ᠎ᠠ ᠨᠢᠭᠡ ᠱᠠᠳᠤᠨ ᠤ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠵᠦᠪᠯᠡᠯ ᠵᠢᠯ ᠪᠦᠷᠢ | ᠳᠡᠭᠡᠷ᠎ᠡ ᠨᠢᠭᠡ ᠱᠠᠳᠤᠨ ᠤ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠵᠦᠪᠯᠡᠯ ᠳᠤ ᠠᠵᠢᠯ ᠤᠨ | ᠬᠠᠷᠢᠭᠤ ᠮᠡᠳᠡᠬᠦᠯᠦᠯᠳᠡ ᠬᠢᠬᠦ ᠭᠡᠷᠡᠭᠳᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠡᠶᠢᠭᠡᠮ ᠤᠨ | ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠪᠠᠶᠢᠴᠠᠭᠠᠬᠤ ᠬᠦᠷᠢᠶ᠎ᠡ ᠬᠡᠪᠴᠢᠶᠠᠨ ᠳᠤ | ᠤᠷᠤᠭᠤᠯᠵᠤ᠂ ᠳᠤᠬᠢᠳᠠᠢ ᠴᠠᠭ ᠲᠤ᠋ ᠳᠤᠰᠬᠠᠢ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠤᠬᠢᠶᠠᠨ | ᠪᠠᠶᠢᠭᠤᠯᠵᠤ ᠦᠷᠨᠢᠭᠦᠯᠬᠦ ᠬᠡᠷᠡᠭᠳᠠᠢ᠃ | ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠠᠵᠢᠯ ᠤᠨ ᠤᠬᠠᠭᠤᠯᠭ᠎ᠠ ᠳᠠᠶᠢᠴᠢᠯᠠᠯᠳᠠ ᠶᠢ | ᠴᠢᠩᠭᠠᠳᠬᠠᠵᠤ᠂ ᠺᠠᠳ᠋ᠷ ᠤᠯᠠᠨ ᠲᠦᠮᠡᠨ ᠢ ᠦᠷᠭᠡᠨ ᠢᠶᠠᠷ ᠳᠠᠶᠢᠴᠢᠯᠠᠨ ᠵᠤᠬᠢᠶᠠᠨ ᠪᠠᠶᠢᠭᠤᠯᠵᠤ ᠡᠮᠬᠢ ᠲᠢᠭᠯᠢᠮ ᠲᠠᠢ | ᠤᠷᠤᠯᠴᠠᠭᠤᠯᠵᠤ᠂ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠡᠯ᠎ᠡ ᠵᠦᠢᠯ ᠤᠨ ᠰᠢᠢᠳᠪᠦᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠠᠢ᠃ | ᠠᠷᠪᠠᠨ ᠭᠤᠷᠪᠠᠳᠤᠭᠠᠷ ᠵᠦᠢᠯ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠡᠶᠢᠭᠡᠮ ᠤᠨ | ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠶᠢ ᠬᠢᠨᠠᠨ ᠰᠢᠯᠭᠠᠬᠤ ᠪᠠ ᠦᠨᠡᠯᠡᠬᠦ ᠲᠦᠷᠢᠮ ᠳᠤᠭᠳᠠᠴᠠ ᠶᠢ ᠪᠠᠶᠢᠭᠤᠯᠤᠨ | ᠳᠡᠬᠦᠯᠳᠡᠷᠵᠢᠬᠦᠯᠵᠤ᠂ ᠬᠢᠨᠠᠨ ᠰᠢᠯᠭᠠᠬᠤ ᠪᠠ ᠦᠨᠡᠯᠡᠬᠦ ᠪᠠᠷᠢᠮᠵᠢᠶ᠎ᠠ ᠪᠠ ᠬᠦᠢᠴᠡᠳᠬᠡᠬᠦ ᠳᠤᠭ᠎ᠠ ᠶᠢᠨ ᠰᠢᠰᠲᠧᠮ ᠢ | ᠳᠤᠭᠳᠠᠭᠠᠨ ᠳᠡᠬᠦᠯᠳᠡᠷᠵᠢᠬᠦᠯᠵᠤ᠂ ᠬᠢᠨᠠᠨ ᠰᠢᠯᠭᠠᠬᠤ ᠦᠨᠡᠯᠡᠬᠦ ᠠᠭᠤᠯᠭ᠎ᠠ᠂ ᠠᠷᠭ᠎ᠠ᠂ ᠲᠡᠰ ᠳᠠᠷᠠᠭᠠᠯᠠᠯ ᠢ | ᠳᠤᠳᠤᠷᠬᠠᠢᠢᠯᠠᠬᠤ ᠬᠡᠷᠡᠭᠳᠠᠢ᠃ | ᠠᠷᠪᠠᠨ ᠲᠦᠷᠪᠡᠳᠤᠭᠡᠷ ᠵᠦᠢᠯ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠡᠶᠢᠭᠡᠮ ᠤᠨ | ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠡᠶᠡᠯᠡᠬᠦᠯᠦᠭᠰᠡᠨ ᠪᠠᠶᠢᠳᠠᠯ ᠢ ᠤᠳᠤᠷᠢᠳᠬᠤ ᠪᠠᠭ ᠪᠠ | ᠤᠳᠤᠷᠢᠳᠬᠤ ᠺᠠᠳ᠋ᠷ ᠤᠨ ᠤᠨ ᠤ ᠠᠵᠢᠯ ᠢ ᠬᠢᠨᠠᠨ ᠰᠢᠯᠭᠠᠬᠤ ᠰᠢᠰᠲᠧᠮ ᠳᠤ ᠤᠷᠤᠭᠤᠯᠵᠤ᠂ ᠬᠢᠨᠠᠨ ᠰᠢᠯᠭᠠᠯᠳᠠ | ᠦᠨᠡᠯᠡᠯᠳᠡ ᠶᠢᠨ ᠦᠷ᠎ᠡ ᠳ᠋ᠦᠡᠭ ᠤᠨ ᠬᠡᠷᠡᠭᠯᠡᠯᠳᠡ ᠶᠢ ᠴᠢᠩᠭᠠᠳᠬᠠᠵᠤ᠂ ᠨᠡᠶᠢᠭᠡᠮ ᠤᠨ ᠠᠮᠦᠷ ᠲᠥ᠋ᠪᠰᠢᠨ ᠢ | ᠶᠡᠷᠦᠩᠭᠡᠶᠢᠯᠡᠨ ᠵᠠᠰᠠᠬᠤ ᠠᠵᠢᠯ ᠤᠨ ᠪᠤᠳᠠᠳᠤ ᠠᠮᠵᠢᠯᠳᠠ ᠶᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ | ᠶᠡᠷᠦᠩᠬᠡᠶᠢᠯᠡᠭᠰᠡᠨ ᠬᠢᠨᠠᠨ ᠰᠢᠯᠭᠠᠯᠳᠠ ᠦᠨᠡᠯᠡᠯᠳᠡ ᠶᠢᠨ ᠴᠢᠬᠤᠯᠠ ᠠᠭᠤᠯᠭ᠎ᠠ ᠪᠤᠯᠭᠠᠵᠤ᠂ ᠠᠵᠢᠯ ᠤᠨ | ᠠᠮᠵᠢᠯᠳᠠ ᠶᠢ ᠰᠢᠯᠭᠠᠨ ᠲᠤᠭᠳᠠᠭᠠᠬᠤ᠂ ᠳᠤᠰᠢᠶᠠᠯ ᠳᠡᠪᠰᠢᠬᠦ᠂ ᠱᠠᠩᠨᠠᠬᠤ ᠰᠢᠳᠬᠡᠬᠦ ᠵᠡᠷᠭᠡ ᠲᠠᠢ ᠬᠤᠯᠪᠤᠭᠳᠠᠭᠤᠯᠬᠤ | ᠬᠡᠷᠡᠭᠳᠠᠢ᠃ | ᠡᠯ᠎ᠡ ᠱᠠᠳᠤᠨ ᠤ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠵᠦᠪᠯᠡᠯ ᠵᠢᠴᠢ | ᠳᠡᠬᠦᠨ ᠤ ᠠᠯᠪᠠᠨ ᠭᠡᠷ ᠨᠡᠶᠢᠭᠡᠮ ᠤᠨ ᠠᠮᠦᠷ ᠲᠥ᠋ᠪᠰᠢᠨ ᠢ ᠶᠡᠷᠦᠩᠭᠡᠶᠢᠯᠡᠨ ᠵᠠᠰᠠᠬᠤ ᠠᠵᠢᠯ ᠤᠨ ᠪᠤᠳᠠᠳᠤ | ᠠᠮᠵᠢᠯᠳᠠ ᠶᠢᠨ ᠳᠠᠩᠰᠠ ᠡᠪᠬᠡᠮᠡᠯ ᠪᠠᠶᠢᠭᠤᠯᠵᠤ᠂ ᠠᠷᠠᠳ ᠲᠦᠮᠡᠨ ᠤ ᠠᠮᠦᠷ ᠲᠦᠪᠰᠢᠨ ᠪᠠᠶᠢᠬᠤ ᠰᠡᠳᠬᠢᠯᠭᠡ ᠶᠢᠨ | ᠬᠠᠨᠤᠮᠵᠢ ᠶᠢᠨ ᠬᠡᠮᠵᠢᠶ᠎ᠠ᠂ ᠠᠮᠤᠷ ᠠᠮᠤᠭᠤᠯᠠᠩ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠢ ᠲᠦᠯᠬᠢᠨ | ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠨᠡᠶᠢᠭᠡᠮ ᠤᠨ ᠳᠤᠭᠳᠠᠭᠤᠨ ᠪᠠ ᠠᠮᠤᠷ ᠲᠦᠪᠰᠢᠨ ᠡᠮᠬᠢ | ᠲᠢᠭᠯᠢᠮ ᠢ ᠬᠦᠨᠳᠤ ᠨᠤᠴᠢᠳᠠᠢ ᠨᠦᠯᠦᠭᠡᠯᠡᠭᠰᠡᠨ ᠤᠨᠴᠠ ᠶᠡᠭᠡ ᠬᠡᠷᠡᠭ ︵ᠶᠠᠪᠤᠳᠠᠯ︶ ᠡᠬᠦᠰᠦᠭᠰᠡᠨ ᠡᠰᠡᠬᠦ ᠵᠡᠷᠭᠡ | ᠪᠠᠶᠢᠳᠠᠯ ᠢ ᠪᠤᠳᠠᠳᠤ ᠠᠮᠵᠢᠯᠳᠠ ᠶᠢᠨ ᠳᠠᠩᠰᠠ ᠡᠪᠬᠡᠮᠡᠯ ᠳᠤ ᠤᠷᠤᠭᠤᠯᠬᠤ ᠬᠡᠷᠡᠭᠳᠠᠢ᠃ | ᠡᠯ᠎ᠠ ᠱᠠᠳᠤᠨ ᠤ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ᠂ ᠨᠠᠮ | ᠵᠠᠰᠠᠭ ᠤᠨ ᠭᠤᠤᠯ ᠤᠳᠤᠷᠢᠳᠬᠤ ᠺᠠᠳ᠋ᠷ ᠪᠠ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠤᠨ ᠪᠤᠳᠠᠳᠤ ᠡᠮᠵᠢᠯᠳᠠ ᠶᠢ ᠰᠢᠯᠭᠠᠨ ᠦᠨᠡᠯᠡᠬᠦ᠂ | ᠳᠡᠪᠰᠢᠬᠦᠯᠦᠨ ᠬᠡᠷᠡᠭᠯᠡᠬᠦ ᠪᠠ ᠵᠡᠷᠭᠡ ᠳᠤᠰᠢᠶᠠᠯ ᠲᠡᠪᠰᠢᠬᠦ ᠳᠤ ᠬᠠᠮᠢᠶ᠎ᠠ ᠪᠦᠬᠦᠢ ᠤᠳᠤᠷᠢᠳᠤᠯᠭ᠎ᠠ ᠶᠢᠨ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠠᠳᠬᠤᠭᠰᠠᠨ ᠪᠠᠶᠢᠳᠠᠯ ᠢ ᠤᠢᠢᠯᠠᠭᠠᠨ | ᠡᠵᠡᠮᠰᠢᠭᠰᠡᠨ ᠪᠠᠶᠢᠬᠤ ᠬᠡᠷᠡᠭᠳᠡᠢ᠃ | ᠠᠷᠪᠠᠨ ᠳᠠᠪᠤᠳᠤᠭᠠᠷ ᠵᠦᠢᠯ ᠬᠤᠰᠢᠭᠤ ᠰᠢᠶᠠᠨ ︵ᠬᠤᠳᠠ᠂ ᠳᠤᠭᠤᠷᠢᠭ︶ ᠤ ᠱᠠᠳᠤᠨ ᠠᠴᠠ ᠳᠡᠬᠡᠭᠰᠢᠬᠢ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠵᠢᠴᠢ ᠲᠠᠬᠦᠨ ᠤ ᠠᠯᠪᠠᠨ ᠬᠡᠷ ᠨᠢ ᠲᠦᠪ ᠤᠨ | ᠪᠠ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠠᠳᠠᠯᠢ ᠱᠠᠳᠤᠨ ᠤ ᠰᠠᠬᠢᠯᠭ᠎ᠠ | ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ | ᠰᠠᠯᠠᠭ᠎ᠠ ᠮᠦᠴᠢᠷ ᠤᠨ ᠵᠤᠬᠢᠴᠠᠩᠭᠤᠢ ᠬᠠᠮᠵᠢᠯᠴᠠᠭ᠎ᠠ ᠶᠢ ᠴᠢᠩᠭᠠᠳᠬᠠᠵᠤ᠂ ᠱᠠᠩᠨᠠᠵᠤ ᠳᠤᠷᠭᠠᠬᠤ ᠬᠠᠮᠢᠶ᠎ᠠ ᠪᠦᠬᠦᠢ | ᠠᠵᠢᠯ ᠢ ᠬᠠᠮᠵᠢᠨ ᠰᠠᠶᠢᠳᠤᠷ ᠬᠢᠬᠦ ᠬᠡᠷᠡᠭᠳᠡᠢ᠃ | ᠲᠦᠷᠪᠡᠳᠦᠬᠡᠷ ᠪᠦᠯᠦᠭ ᠬᠦᠬᠢᠬᠦᠯᠦᠨ ᠰᠠᠶᠢᠰᠢᠶᠠᠬᠤ | | ᠠᠷᠪᠠᠨ ᠵᠢᠷᠭᠤᠳᠤᠭᠠᠷ ᠵᠦᠢᠯ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ | ᠠᠮᠵᠢᠯᠳᠠ ᠲᠤᠪᠤᠶᠢᠮ᠎ᠠ ᠭᠠᠵᠠᠷ ᠤᠷᠤᠨ᠂ ᠰᠠᠯᠠᠭ᠎ᠠ ᠮᠦᠴᠢᠷ ᠪᠠ ᠪᠠᠶᠢᠭᠤᠯᠤᠯᠭ᠎ᠠ ᠨᠢᠬᠡᠴᠡ ᠶᠢᠨ ᠨᠠᠮ ᠵᠠᠰᠠᠭ ᠤᠨ | ᠭᠤᠤᠯ ᠤᠳᠤᠷᠢᠳᠬᠤ ᠺᠠᠳ᠋ᠷ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠢ ᠤᠯᠤᠰ᠂ | ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠳᠤᠭᠳᠠᠭᠠᠯ ᠢᠶᠠᠷ ᠬᠦᠬᠢᠬᠦᠯᠦᠨ ᠰᠠᠶᠢᠰᠢᠶᠠᠬᠤ ᠬᠡᠷᠡᠭᠳᠡᠢ᠃ | ᠬᠦᠬᠢᠬᠦᠯᠦᠯ ᠰᠠᠶᠢᠰᠢᠶᠠᠯ ᠬᠦᠷᠳᠡᠭᠰᠡᠨ ᠤᠳᠤᠷᠢᠳᠬᠤ ᠺᠠᠳ᠋ᠷ ᠤᠨ ᠬᠠᠮᠢᠶ᠎ᠠ ᠪᠦᠬᠦᠢ ᠮᠠᠲ᠋ᠧᠷᠢᠶᠠᠯ ᠢ ᠲᠤᠰ ᠬᠦᠮᠦᠨ ᠤ | ᠬᠢᠨᠢ ᠳᠠᠩᠰᠠ ᠡᠪᠬᠡᠮᠡᠯ ᠳᠤ ᠬᠠᠳᠠᠭᠠᠯᠠᠨ ᠲᠠᠯᠪᠢᠬᠤ ᠭᠡᠷᠡᠭᠳᠡᠢ᠃ | ᠠᠷᠪᠠᠨ ᠳᠤᠯᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠵᠦᠪᠯᠡᠯ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ | ᠪᠠᠶᠢᠭᠤᠯᠬᠤ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠳᠤᠯᠠᠪᠤᠷᠢ ᠶᠢᠨ ᠲᠢᠩᠬᠢᠮ ᠠᠴᠠ ᠲᠦᠷᠪᠡᠨ ᠵᠢᠯ ᠳᠤ ᠨᠢᠬᠡ ᠤᠳᠠᠭ᠎ᠠ ᠪᠦᠬᠦ ᠤᠷᠤᠨ ᠤ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠡᠷᠢᠬᠦᠨ ᠤ ᠬᠠᠮᠳᠤ ᠨᠠᠶᠢᠳᠠ᠂ ᠳᠡᠷᠢᠬᠦᠨ ᠤ ᠬᠤᠪᠢ | ᠬᠦᠮᠦᠨ ᠢ ᠬᠢᠨᠠᠨ ᠰᠢᠯᠭᠠᠷᠠᠭᠤᠯᠵᠤ ᠬᠦᠬᠢᠬᠦᠯᠦᠨ ᠰᠠᠶᠢᠰᠢᠶᠠᠨ᠎ᠠ᠃ | ᠠᠷᠪᠠᠨ ᠨᠠᠢᠮᠠᠳᠤᠭᠠᠷ ᠵᠦᠢᠯ ᠬᠦᠬᠢᠬᠦᠯᠦᠯ ᠰᠠᠶᠢᠰᠢᠶᠠᠯ ᠬᠦᠷᠳᠡᠭᠰᠡᠨ ᠪᠦᠬᠦ ᠤᠯᠤᠰ᠂ ᠪᠦᠬᠦ ᠤᠷᠤᠨ ᠤ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠡᠷᠢᠬᠦᠨ ᠤ ᠬᠠᠮᠳᠤ ᠨᠡᠶᠢᠳᠡ ᠶᠢᠨ ᠨᠠᠮ ᠵᠠᠰᠠᠭ ᠤᠨ | ᠭᠤᠤᠯ ᠤᠳᠤᠷᠢᠳᠬᠤ ᠺᠠᠳ᠋ᠷ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠢ ᠬᠦᠬᠢᠬᠦᠯᠦᠨ | ᠰᠠᠶᠢᠰᠢᠶᠠᠬᠤ ᠭᠡᠷᠡᠭᠳᠡᠢ᠃ ᠪᠦᠬᠦ ᠤᠯᠤᠰ ᠤᠨ ᠨᠡᠶᠢᠬᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ | ᠲᠡᠷᠢᠬᠦᠨ ᠤ ᠠᠵᠢᠯᠳᠠᠨ ᠢᠶᠠᠷ ᠬᠦᠬᠢᠬᠦᠯᠤᠨ ᠰᠠᠶᠢᠰᠢᠶᠠᠭᠳᠠᠭᠰᠠᠳ ᠲᠤ ᠮᠤᠵᠢ ᠶᠠᠮᠤᠨ ᠤ ᠲᠡᠰ ᠤᠨ ᠲᠡᠷᠢᠬᠦᠨ ᠤ | ᠠᠵᠢᠯᠳᠠᠨ ᠪᠤᠶᠤ ᠬᠦᠳᠡᠯᠮᠦᠷᠢ ᠶᠢᠨ ᠵᠢᠱᠢᠶᠠᠴᠢ ᠶᠢᠨ ᠬᠠᠷᠠᠭᠠᠯᠵᠠᠯ ᠢ ᠬᠦᠷᠳᠡᠭᠡᠬᠦ ᠭᠡᠷᠡᠭᠳᠡᠢ᠃ ᠪᠦᠬᠦ ᠤᠷᠤᠨ ᠤ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠡᠷᠢᠬᠦᠨ ᠤ ᠬᠤᠪᠢ ᠬᠦᠮᠦᠨ ᠢᠶᠠᠷ ᠬᠦᠬᠢᠬᠦᠯᠦᠨ | ᠰᠠᠶᠢᠰᠢᠶᠠᠬᠳᠠᠭᠰᠠᠳ ᠢ ᠵᠤᠬᠢᠬᠤ ᠪᠤᠳᠠᠰ ᠢᠶᠠᠷ ᠬᠦᠬᠢᠬᠦᠯᠦᠨ ᠱᠠᠩᠨᠠᠬᠤ ᠭᠡᠷᠡᠭᠳᠡᠢ᠃ | ᠠᠷᠪᠠ ᠶᠢᠰᠦᠳᠦᠬᠡᠷ ᠵᠦᠢᠯ ᠵᠠᠯᠭᠠᠪᠡᠷ ᠭᠤᠷᠪᠠ ᠤᠳᠠᠭ᠎ᠠ ᠠᠴᠠ ᠳᠡᠬᠡᠭᠰᠢ ᠬᠦᠬᠢᠬᠦᠯᠦᠨ ᠰᠠᠶᠢᠰᠢᠶᠠᠭᠳᠠᠭᠰᠠᠨ | ᠪᠦᠬᠦ ᠤᠷᠤᠨ ᠤ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠡᠷᠢᠬᠦᠨ ᠤ ᠬᠠᠮᠳᠤ ᠨᠠᠶᠢᠳᠠ ᠳᠤ | ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠳᠤᠬᠢᠳᠠᠢ | ᠠᠷᠭ᠎ᠠ ᠬᠡᠯᠪᠡᠷᠢ ᠪᠠᠷ ᠬᠦᠬᠢᠬᠦᠯᠦᠨ ᠰᠠᠶᠢᠰᠢᠶᠠᠨ᠎ᠠ᠃ | ᠬᠤᠷᠢᠳᠤᠭᠠᠷ ᠵᠦᠢᠯ ᠡᠯ᠎ᠡ ᠱᠠᠳᠤᠨ ᠤ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ | ᠪᠠ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠪᠦᠬᠦ ᠤᠯᠤᠰ᠂ ᠪᠦᠬᠦ ᠤᠷᠤᠨ ᠤ | ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠡᠷᠢᠬᠦᠨ ᠤ ᠬᠠᠮᠳᠤ ᠨᠠᠶᠢᠳᠠ᠂ ᠳᠡᠷᠢᠬᠦᠨ ᠤ | ᠠᠵᠢᠯᠳᠠᠨ ᠢ ᠬᠢᠨᠡᠨ ᠰᠢᠯᠭᠠᠷᠠᠭᠤᠯᠵᠤ ᠬᠦᠬᠢᠬᠦᠯᠦᠨ ᠰᠠᠶᠢᠰᠢᠶᠠᠬᠤ ᠠᠵᠢᠯ ᠢ ᠬᠠᠮᠵᠢᠨ ᠰᠠᠶᠢᠳᠤᠷ ᠬᠢᠬᠦ ᠬᠡᠷᠡᠭᠳᠡᠢ᠃ | | | ᠳᠠᠪᠤᠳᠤᠭᠠᠷ ᠪᠦᠯᠦᠭ ᠬᠠᠷᠢᠭᠤᠴᠠᠯᠭ᠎ᠠ ᠶᠢ ᠬᠢᠨᠠᠨ ᠵᠢᠯᠤᠭᠤᠳᠬᠤ ᠪᠠ ᠨᠡᠬᠡᠮᠵᠢᠯᠡᠬᠦ | | ᠬᠤᠷᠢᠨ ᠨᠢᠬᠡᠳᠦᠬᠡᠷ ᠵᠦᠢᠯ ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠬ᠂ ᠤᠳᠤᠷᠢᠳᠬᠤ ᠺᠠᠳ᠋ᠷ | ᠳᠤᠰ ᠨᠠᠷᠢᠨ ᠲᠦᠷᠢᠮ ᠠᠴᠠ ᠵᠦᠷᠢᠴᠡᠭᠰᠡᠨ ᠪᠤᠶᠤ ᠨᠠᠷᠢᠨ ᠲᠦᠷᠢᠮ ᠳᠤ ᠵᠢᠬᠰᠠᠭᠠᠬᠰᠠᠨ ᠲᠤᠰᠢᠶᠠᠯ | ᠬᠠᠷᠢᠭᠤᠴᠠᠯᠭ᠎ᠠ ᠶᠢ ᠵᠦᠪ ᠤᠨᠤᠪᠴᠢᠳᠠᠢ ᠬᠡᠷᠡᠭᠵᠢᠬᠦᠯᠦᠭᠰᠡᠨ ᠦᠬᠡᠢ ᠪᠠᠶᠢᠪᠠᠯ᠂ ᠳᠤᠤᠷ᠎ᠠ ᠵᠢᠭᠰᠠᠭᠠᠭᠰᠠᠨ | ᠪᠠᠶᠢᠳᠠᠯ ᠤᠨ ᠨᠢᠬᠡ ᠨᠢ ᠪᠠᠶᠢᠪᠠᠯ ᠬᠠᠷᠢᠭᠤᠴᠠᠯᠭ᠎ᠠ ᠶᠢ ᠬᠢᠨᠡᠨ ᠵᠢᠯᠤᠭᠤᠳᠬᠤ ᠪᠤᠶᠤ ᠨᠡᠬᠡᠮᠵᠢᠯᠡᠬᠦ ᠭᠡᠷᠡᠭᠳᠡᠢ᠄ | | ︵ᠨᠢᠬᠡ︶ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ ᠠᠮᠤᠷ ᠠᠮᠤᠭᠤᠯᠠᠩ | ᠪᠠᠶᠢᠭᠤᠯᠤᠯᠳᠠ ᠶᠢ ᠬᠦᠨᠳᠦᠳᠬᠡᠵᠤ ᠦᠵᠡᠭᠰᠡᠨ ᠦᠬᠡᠢ᠂ ᠬᠠᠮᠢᠶ᠎ᠠ ᠪᠦᠬᠦᠢ ᠠᠵᠢᠯ ᠤᠨ ᠠᠷᠭ᠎ᠠ ᠠᠪᠴᠠᠯ ᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠬᠡᠢ᠂ ᠳᠤᠰ ᠭᠠᠵᠠᠷ ᠤᠷᠤᠨ᠂ ᠳᠤᠰ ᠰᠢᠰᠲ᠋ᠧᠮ᠂ ᠳᠤᠰ | ᠪᠠᠶᠢᠭᠤᠯᠤᠯᠭ᠎ᠠ ᠨᠢᠬᠡᠴᠡ ᠶᠢᠨ ᠦᠨᠳᠦᠰᠦᠨ ᠱᠠᠳᠤᠨ ᠤ ᠠᠵᠢᠯ ᠲᠤᠪᠤᠶᠢᠮ᠎ᠠ ᠪᠢᠰᠢ᠂ ᠠᠮᠤᠷ ᠢ ᠬᠠᠮᠠᠭᠠᠯᠠᠬᠤ ᠡᠮᠬᠢ | ᠲᠢᠭᠯᠢᠮ ᠬᠦᠨᠳᠤ ᠨᠤᠴᠢᠳᠠᠢ ᠰᠠᠮᠠᠭᠤᠷᠠᠭᠰᠠᠨ︔ | ︵ᠬᠤᠶᠠᠷ︶ ᠳᠤᠰ ᠭᠠᠵᠠᠷ ᠤᠷᠤᠨ᠂ ᠳᠤᠰ ᠰᠢᠰᠲ᠋ᠧᠮ᠂ ᠳᠤᠰ ᠪᠠᠶᠢᠭᠤᠯᠤᠯᠭ᠎ᠠ ᠨᠢᠬᠡᠴᠡ ᠳᠤ ᠤᠬᠤᠷᠬᠠᠨ | ᠬᠤᠭᠤᠴᠠᠭᠠᠨ ᠳᠤ ᠬᠦᠨᠳᠤ ᠶᠡᠭᠡ ᠡᠷᠡᠬᠦᠦ ᠶᠢᠨ ᠬᠡᠷᠡᠭ᠂ ᠪᠦᠯᠦᠭᠯᠡᠯ ᠤᠨ ᠴᠢᠨᠠᠷᠳᠠᠢ ᠬᠡᠷᠡᠭ᠂ ᠤᠯᠠᠨ ᠨᠡᠶᠢᠳᠡ ᠶᠢᠨ | ᠠᠮᠤᠷ ᠲᠦᠪᠰᠢᠨ ᠤ ᠬᠡᠷᠡᠭ ᠵᠠᠯᠭᠠᠪᠡᠷ ᠡᠬᠦᠰᠦᠭᠰᠡᠨ︔ | ︵ᠭᠤᠷᠪᠠ︶ ᠳᠤᠰ ᠭᠠᠵᠠᠷ ᠤᠷᠤᠨ᠂ ᠳᠤᠰ ᠰᠢᠰᠲ᠋ᠧᠮ᠂ ᠳᠤᠰ ᠪᠠᠶᠢᠭᠤᠯᠤᠯᠭ᠎ᠠ ᠨᠢᠬᠡᠴᠡ ᠳᠤ ᠤᠨᠴᠠ | ᠬᠦᠨᠳᠤ ᠶᠡᠭᠡ ᠡᠷᠡᠬᠦᠦ ᠶᠢᠨ ᠬᠡᠷᠡᠭ᠂ ᠪᠦᠯᠦᠭᠯᠡᠯ ᠤᠨ ᠴᠢᠨᠠᠷᠳᠠᠢ ᠬᠡᠷᠡᠭ᠂ ᠤᠯᠠᠨ ᠨᠡᠶᠢᠳᠡ ᠶᠢᠨ ᠠᠮᠤᠷ ᠲᠦᠪᠰᠢᠨ ᠤ | ᠬᠡᠷᠡᠭ ᠡᠬᠦᠰᠦᠭᠰᠡᠨ︔ | ︵ᠲᠦᠷᠪᠡ︶ ᠳᠤᠰ ᠭᠠᠵᠠᠷ ᠤᠷᠤᠨ᠂ ᠳᠤᠰ ᠪᠠᠶᠢᠭᠤᠯᠤᠯᠭ᠎ᠠ ᠨᠢᠬᠡᠴᠡ ᠶᠢᠨ ᠨᠡᠶᠢᠬᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ︵ᠠᠮᠤᠷ ᠠᠮᠤᠭᠤᠯᠠᠩ ᠪᠠᠶᠢᠭᠤᠯᠤᠯᠳᠠ︶ ᠨᠢ ᠬᠢᠨᠠᠨ ᠰᠢᠯᠭᠠᠯᠳᠠ ᠦᠨᠡᠯᠡᠯᠳᠡ ᠳᠤ | ᠬᠢᠷᠢ ᠳᠡᠩᠴᠡᠭᠰᠡᠨ ᠦᠬᠡᠢ᠂ ᠪᠠᠷᠢᠮᠵᠢᠶ᠎ᠠ ᠳᠤ ᠬᠦᠷᠦᠭᠰᠡᠨ ᠦᠬᠡᠢ︔ | ︵ᠳᠠᠪᠤ︶ ᠤᠯᠠᠨ ᠲᠦᠮᠡᠨ ᠤ ᠲᠤᠰᠬᠠᠯ ᠶᠡᠭᠡᠳᠠᠢ ᠨᠡᠶᠢᠬᠡᠮ ᠤᠨ ᠠᠮᠤᠷ ᠲᠦᠪᠰᠢᠨ ᠤ ᠭᠤᠤᠯᠳᠠᠯᠭ᠎ᠠ ᠲᠠᠢ | ᠭᠠᠵᠠᠷ ᠤᠷᠤᠨ ᠪᠤᠯᠤᠨ ᠤᠯᠠᠨ ᠨᠡᠶᠢᠳᠡ ᠶᠢᠨ ᠠᠮᠤᠷ ᠲᠦᠪᠰᠢᠨ᠂ ᠠᠮᠤᠷ ᠢ ᠬᠠᠮᠠᠭᠠᠯᠠᠬᠤ ᠲᠤᠪᠤᠶᠢᠮ᠎ᠠ | ᠠᠰᠠᠭᠤᠳᠠᠯ ᠳᠤ ᠪᠦᠳᠦᠮᠵᠢᠳᠡᠢ ᠠᠷᠭ᠎ᠠ ᠬᠡᠮᠵᠢᠶ᠎ᠡ ᠠᠪᠤᠭᠰᠠᠨ ᠦᠬᠡᠢ ᠪᠤᠶᠤ ᠲᠠᠬᠢᠨ ᠲᠠᠪᠳᠠᠨ ᠡᠬᠦᠰᠦᠭᠰᠡᠨ︔ | | ︵ᠵᠢᠷᠭᠤᠭ᠎ᠠ︶ ᠨᠡᠶᠢᠬᠡᠮ ᠤᠨ ᠠᠮᠤᠷ ᠲᠦᠪᠰᠢᠨ ᠪᠠ ᠤᠯᠠᠨ ᠨᠡᠶᠢᠳᠡ ᠶᠢᠨ ᠠᠮᠤᠷ ᠲᠦᠪᠰᠢᠨ ᠵᠡᠷᠬᠡ ᠬᠦᠨᠳᠤ | ᠶᠡᠭᠡ ᠠᠰᠠᠭᠤᠳᠠᠯ ᠡᠬᠦᠰᠦᠭᠰᠡᠨ ᠠᠴᠠ ᠪᠤᠯᠵᠤ ᠬᠤᠶᠠᠷ ᠵᠢᠯ ᠲᠠᠷᠠᠭᠠᠯᠠᠨ ᠦᠪᠡᠷᠳᠡᠬᠡᠨ ᠵᠠᠰᠠᠬᠤ ᠤᠷᠤᠨ ᠤ | ᠨᠡᠶᠢᠬᠡᠮ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠬᠠᠮᠢᠶᠠᠷᠤᠯᠳᠠ ᠶᠢᠨ ᠭᠠᠵᠠᠷ ᠤᠷᠤᠨ᠂ ᠨᠢᠬᠡᠴᠡ ᠶᠢᠨ | ᠡᠩᠨᠡᠭᠡ ᠳᠤ ᠵᠢᠬᠰᠠᠭᠠᠭᠳᠠᠭᠰᠠᠨ ᠡᠰᠡᠬᠦᠯ᠎ᠡ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠭᠤᠤᠯ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠷᠢᠭᠤᠴᠠᠯᠭ᠎ᠠ ᠶᠢ ᠬᠢᠨᠡᠨ ᠵᠢᠯᠤᠭᠤᠳᠤᠬᠰᠠᠨ ᠪᠤᠶᠤ ᠨᠡᠬᠡᠮᠵᠢᠯᠡᠭᠰᠡᠨ︔ | | ︵ᠳᠤᠯᠤᠭ᠎ᠠ︶ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠨᠡᠶᠢᠬᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠠᠴᠠ ᠪᠠᠶᠢᠴᠠᠭᠠᠬᠤ ᠴᠢᠬᠤᠯᠠᠳᠠᠢ ᠬᠡᠵᠦ ᠦᠵᠡᠭᠰᠡᠨ ᠪᠤᠰᠤᠳ ᠵᠦᠢᠯ | ᠵᠤᠷᠪᠤᠰ᠃ | ᠬᠤᠷᠢᠨ ᠬᠤᠶᠠᠳᠤᠭᠠᠷ ᠵᠦᠢᠯ ᠨᠠᠮ ᠵᠠᠰᠠᠭ ᠤᠨ ᠤᠳᠤᠷᠢᠳᠬᠤ ᠪᠠᠬ᠂ ᠤᠳᠤᠷᠢᠳᠬᠤ ᠺᠠᠳ᠋ᠷ ᠤᠨ | ᠬᠠᠷᠢᠭᠤᠴᠠᠯᠭ᠎ᠠ ᠶᠢ ᠬᠢᠨᠠᠨ ᠵᠢᠯᠤᠭᠤᠳᠬᠤ ᠪᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠳᠤ᠄ ᠤᠯᠠᠨ ᠳᠤ ᠵᠠᠷᠯᠠᠬᠤ᠂ | ᠪᠤᠯᠵᠤᠨ ᠶᠠᠷᠢᠯᠴᠠᠬᠤ᠂ ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠬᠦ᠂ ᠨᠢᠬᠡ ᠪᠢᠯᠧᠲ ᠢᠶᠠᠷ | ᠦᠬᠡᠶᠢᠰᠬᠡᠬᠦ ᠡᠷᠬᠡ ᠶᠢᠨ ᠲᠦᠷᠢᠮ ᠢ ᠬᠡᠷᠡᠭᠵᠢᠬᠦᠯᠵᠦ᠂ ᠪᠤᠷᠤᠭᠤ ᠪᠠᠨ ᠮᠡᠳᠡᠷᠡᠵᠦ ᠳᠤᠰᠢᠶᠠᠯ ᠠᠴᠠ ᠪᠠᠨ ᠪᠠᠭᠤᠬᠤ᠂ | ᠵᠠᠷᠯᠢᠭᠳᠠᠨ ᠳᠤᠰᠢᠶᠠᠯ ᠠᠴᠠ ᠨᠢ ᠪᠠᠭᠤᠯᠭᠠᠬᠤ ᠵᠡᠷᠬᠡ ᠪᠠᠭᠳᠠᠨ᠎ᠠ᠃ ᠰᠠᠬᠢᠯᠭ᠎ᠠ ᠪᠠᠳᠤ ᠬᠠᠤᠯᠢ ᠲᠦᠷᠢᠮ ᠠᠴᠠ ᠵᠦᠷᠢᠴᠡᠨ | ᠬᠠᠷᠢᠭᠤᠴᠠᠯᠭ᠎ᠠ ᠡᠬᠦᠷᠬᠡᠯᠡᠬᠦ ᠴᠢᠬᠤᠯᠠᠳᠠᠢ ᠪᠠᠶᠢᠪᠠᠯ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠳᠬᠡᠯ | ᠦᠭᠬᠦᠨ᠎ᠡ︔ ᠶᠠᠯ᠎ᠠ ᠬᠢᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠭᠤᠷᠪᠠᠳᠤᠭᠠᠷ ᠵᠦᠢᠯ ᠳᠤᠰ ᠨᠠᠷᠢᠨ ᠲᠦᠷᠢᠮ ᠤᠨ ᠬᠤᠷᠢᠨ ᠨᠢᠬᠡᠳᠦᠬᠡᠷ ᠵᠦᠢᠯ ᠳᠤ | ᠵᠢᠭᠰᠠᠭᠠᠭᠰᠠᠨ ᠪᠠᠶᠢᠳᠠᠯ ᠤᠷᠤᠰᠢᠵᠤ ᠪᠠᠶᠢᠭ᠎ᠠ ᠭᠠᠵᠠᠷ ᠤᠷᠤᠨ᠂ ᠪᠠᠶᠢᠭᠤᠯᠤᠯᠭ᠎ᠠ ᠨᠢᠬᠡᠴᠡ ᠶᠢ ᠲᠤᠬᠢᠷᠠᠯᠴᠠᠬᠰᠠᠨ | ᠬᠤᠰᠢᠭᠤ ᠰᠢᠶᠠᠨ ︵ᠬᠤᠳᠠ᠂ ᠳᠤᠭᠤᠷᠢᠭ︶ ᠤ ᠱᠠᠳᠤᠨ ᠠᠴᠠ ᠳᠡᠬᠡᠭᠰᠢᠬᠢ ᠨᠡᠶᠢᠬᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠵᠦᠪᠯᠡᠯ ᠤᠨ ᠠᠯᠪᠠᠨ ᠬᠡᠷ ᠪᠢᠴᠢᠭ ᠤᠨ ᠬᠡᠯᠪᠡᠷᠢ ᠪᠠᠷ ᠤᠯᠠᠨ ᠳᠤ ᠵᠡᠷᠯᠡᠵᠤ᠂ | ᠴᠢᠬᠤᠯᠠᠳᠠᠢ ᠦᠶᠡᠰ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠯᠠᠨ ᠳᠤ ᠵᠡᠷᠯᠡᠵᠤ᠂ | ᠤᠷᠤᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠬᠤᠭᠤᠴᠠᠭ᠎ᠠ ᠲᠤᠭᠳᠠᠭᠠᠨ ᠴᠡᠭᠴᠡᠯᠡᠨ ᠰᠠᠶᠢᠵᠢᠷᠠᠭᠤᠯᠤᠨ᠎ᠠ᠃ | | ᠬᠤᠷᠢᠨ ᠲᠦᠷᠪᠡᠳᠦᠭᠡᠷ ᠵᠦᠢᠯ ᠤᠯᠠᠨ ᠳᠤ ᠵᠠᠷᠯᠠᠭᠰᠠᠨ ᠤ ᠲᠠᠷᠠᠭ᠎ᠠ ᠪᠠᠰᠠ ᠲᠤᠭᠳᠠᠭᠰᠠᠨ | ᠬᠤᠭᠤᠴᠠᠭᠠᠨ ᠤ ᠲᠤᠳᠤᠷ᠎ᠠ ᠴᠡᠭᠴᠡᠯᠡᠨ ᠰᠠᠶᠢᠵᠢᠷᠠᠭᠤᠯᠬᠤ ᠬᠠᠷᠠᠯᠳᠠ ᠶᠢ ᠡᠰᠡ ᠪᠡᠶᠡᠯᠡᠭᠦᠯᠦᠭᠰᠡᠨ᠂ ᠡᠰᠡᠬᠦᠯ᠎ᠡ ᠲᠤᠰ | ᠨᠠᠷᠢᠨ ᠲᠦᠷᠢᠮ ᠤᠨ ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠪᠠᠶᠢᠳᠠᠯ ᠤᠷᠤᠰᠢᠵᠤ ᠪᠠᠶᠢᠬᠤ ᠪᠦᠭᠡᠳ | ᠬᠤᠤᠷ ᠬᠦᠨᠦᠭᠡᠯ ᠨᠢ ᠬᠦᠨᠳᠦ ᠨᠤᠴᠢᠲᠠᠢ ᠪᠤᠶᠤ ᠨᠦᠯᠦᠭᠡ ᠲᠤᠰᠬᠠᠯ ᠤᠨᠴᠠ ᠶᠡᠭᠡ ᠭᠠᠵᠠᠷ ᠤᠷᠤᠨ᠂ ᠪᠠᠶᠢᠭᠤᠯᠤᠯᠭ᠎ᠠ | ᠨᠢᠭᠡᠴᠡ ᠶᠢ ᠬᠠᠷᠠᠭᠠᠯᠵᠠᠭᠰᠠᠨ ᠲᠡᠭᠡᠷ᠎ᠠ ᠨᠢᠭᠡ ᠱᠠᠲᠤᠨ ᠤ ᠨᠡᠶᠢᠭᠡᠮ ᠤᠨ ᠠᠮᠤᠷ ᠲᠦ᠋ᠪᠰᠢᠨ ᠢ ᠶᠡᠷᠦᠩᠬᠡᠶᠢᠯᠡᠨ | ᠵᠠᠰᠠᠬᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠠᠴᠠ ᠡᠳᠡᠭᠡᠷ ᠭᠠᠵᠠᠷ ᠤᠷᠤᠨ ᠪᠠᠶᠢᠭᠤᠯᠤᠯᠭ᠎ᠠ | ᠨᠢᠭᠡᠴᠡ ᠶᠢᠨ ᠨᠠᠮ ᠵᠠᠰᠠᠬ ᠤᠨ ᠭᠤᠤᠯ ᠬᠠᠷᠢᠭᠤᠴᠠᠯᠭᠠᠳᠠᠨ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠪᠠ ᠬᠠᠷᠢᠭᠤᠴᠠᠯᠭ᠎ᠠ ᠡᠬᠦᠷᠭᠡᠯᠡᠬᠦ | ᠴᠢᠬᠤᠯᠠᠳᠠᠢ ᠪᠤᠰᠤᠳ ᠤᠳᠤᠷᠢᠳᠬᠤ ᠪᠠᠭ ᠤᠨ ᠪᠦᠷᠢᠯᠳᠤᠬᠦᠨ ᠲᠠᠢ ᠪᠤᠯᠵᠤᠨ ᠶᠠᠷᠢᠯᠴᠠᠵᠤ᠂ ᠴᠢᠬᠤᠯᠠᠳᠠᠢ | ᠦᠶ᠎ᠡ ᠳᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠨ ᠡᠷᠬᠢᠯᠡᠭᠴᠢ᠂ ᠲᠡᠳ᠋ | ᠡᠷᠬᠢᠯᠡᠭᠴᠢ ᠪᠤᠯᠵᠤᠨ ᠶᠠᠷᠢᠯᠴᠠᠵᠤ᠂ ᠤᠷᠤᠰᠢᠵᠤ ᠪᠠᠶᠢᠬᠤ ᠠᠰᠠᠭᠤᠳᠠᠯ ᠤᠨ ᠰᠢᠯᠳᠠᠭᠠᠨ ᠢ ᠨᠢ ᠵᠠᠳᠠᠯᠤᠨ ᠰᠢᠨᠵᠢᠯᠡᠵᠦ᠂ | ᠬᠤᠭᠤᠴᠠᠭ᠎ᠠ ᠲᠤᠭᠳᠠᠭᠠᠨ ᠴᠡᠭᠴᠡᠯᠡᠨ ᠰᠠᠶᠢᠵᠢᠷᠠᠭᠤᠯᠬᠤ ᠪᠠᠷ ᠱᠠᠯᠠᠪᠳᠠᠭᠤᠯᠤᠨ᠎ᠠ᠃ | ᠬᠤᠷᠢᠨ ᠲᠠᠪᠤᠳᠤᠭᠠᠷ ᠵᠦᠢᠯ ᠪᠤᠯᠵᠤᠵᠤ ᠶᠠᠷᠢᠯᠴᠠᠭᠰᠠᠨ ᠤ ᠲᠠᠷᠠᠭ᠎ᠠ ᠮᠦᠨ ᠲᠤᠭᠳᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠠᠷᠠᠯᠳᠠ ᠶᠢ ᠡᠰᠡ ᠪᠡᠶᠡᠯᠡᠭᠦᠯᠦᠭᠰᠡᠨ᠂ ᠡᠰᠡᠬᠦᠯ᠎ᠡ ᠲᠤᠰ ᠨᠠᠷᠢᠨ | ᠲᠦᠷᠢᠮ ᠤᠨ ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠪᠠᠶᠢᠳᠠᠯ ᠤᠷᠤᠰᠢᠵᠤ ᠪᠠᠶᠢᠬᠤ ᠪᠦᠭᠡᠳ ᠬᠤᠤᠷ | ᠬᠦᠨᠦᠭᠡᠯ ᠨᠢ ᠬᠦᠨᠳᠦ ᠨᠤᠴᠢᠲᠠᠢ ᠪᠤᠶᠤ ᠨᠦᠯᠦᠭᠡ ᠲᠤᠰᠬᠠᠯ ᠤᠨᠴᠠ ᠶᠡᠭᠡ ᠪᠤᠯᠪᠠᠴᠤ ᠨᠢᠭᠡ ᠪᠢᠯᠧᠲ ᠢᠶᠠᠷ | ᠦᠭᠡᠶᠢᠰᠭᠡᠵᠦ ᠦᠯᠦ ᠪᠤᠯᠬᠤ ᠡᠷᠬᠡ ᠶᠢᠨ ᠲᠦᠷᠢᠮᠲᠤ ᠭᠠᠵᠠᠷ ᠤᠷᠤᠨ᠂ ᠪᠠᠶᠢᠭᠤᠯᠤᠯᠭ᠎ᠠ ᠨᠢᠭᠡᠴᠡ ᠶᠢ | ᠬᠠᠷᠠᠭᠠᠯᠵᠠᠭᠰᠠᠨ ᠲᠡᠭᠡᠷ᠎ᠠ ᠨᠢᠭᠡ ᠱᠠᠲᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠨ | ᠠᠯᠪᠠᠨ ᠭᠡᠷ ᠠᠴᠠ ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠵᠤ᠂ ᠬᠤᠭᠤᠴᠠᠭ᠎ᠠ ᠲᠤᠭᠳᠠᠭᠠᠵᠤ | ᠴᠡᠭᠴᠡᠯᠡᠨ ᠰᠠᠶᠢᠵᠢᠷᠠᠭᠤᠯᠤᠨ᠎ᠠ᠃ ᠴᠢᠬᠤᠯᠠᠲᠠᠢ ᠦᠶ᠎ᠡ ᠳᠤ ᠪᠠᠰᠠ ᠠᠵᠢᠯ ᠤᠨ ᠲᠤᠭᠤᠢᠢᠯᠠᠩ ᠲᠤᠮᠢᠯᠠᠨ ᠰᠠᠭᠤᠯᠭᠠᠵᠤ | ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠬᠦ ᠭᠠᠵᠠᠷ ᠤᠷᠤᠨ᠂ ᠪᠠᠶᠢᠭᠤᠯᠤᠯᠭ᠎ᠠ ᠨᠢᠭᠡᠴᠡ ᠶᠢ ᠪᠠᠶᠢᠴᠠᠭᠠᠵᠤ | ᠱᠠᠯᠠᠪᠳᠠᠭᠤᠯᠤᠨ ᠰᠢᠢᠳᠪᠤᠷᠢᠯᠡᠬᠦᠯᠤᠨ᠎ᠠ᠃ | ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠨ | ᠠᠯᠪᠠᠨ ᠭᠡᠷ ᠠᠴᠠ ᠵᠢᠯ ᠪᠤᠯᠭᠠᠨ ᠤᠯᠠᠨ ᠨᠡᠶᠢᠳᠡ ᠶᠢᠨ ᠠᠮᠤᠷ ᠲᠦᠪᠰᠢᠨ ᠪᠠ ᠠᠮᠤᠷ ᠢ ᠬᠠᠮᠠᠭᠠᠯᠠᠬᠤ ᠠᠰᠭᠤᠳᠠᠯ | ᠬᠠᠷᠢᠴᠠᠩᠭᠤᠢ ᠲᠤᠪᠤᠶᠢᠮ᠎ᠠ ᠤᠷᠤᠰᠢᠵᠤ ᠪᠠᠶᠢᠬᠤ ᠬᠤᠰᠢᠭᠤ ᠰᠢᠶᠠᠠ ︵ᠬᠤᠲᠠ᠂ ᠲᠤᠭᠤᠷᠢᠭ︶ ᠳᠤ᠂ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠦᠪᠰᠢᠨ ᠢ ᠶᠠᠷᠦᠩᠭᠡᠶᠢᠯᠡᠨ ᠵᠠᠰᠠᠬᠤ | ᠭᠤᠤᠯᠳᠠᠯᠭ᠎ᠠ ᠲᠠᠢ ᠭᠠᠵᠠᠷ ᠤᠷᠤᠨ ᠢ ᠪᠠᠶᠢᠴᠠᠭᠠᠨ ᠴᠡᠭᠴᠡᠯᠡᠬᠦ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶ | ︾ ᠶᠤᠰᠤᠭᠠᠷ ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠬᠦ ᠭᠤᠤᠯᠳᠠᠯᠭ᠎ᠠ ᠲᠠᠢ ᠭᠠᠵᠠᠷ ᠤᠷᠤᠨ᠂ | ᠪᠠᠶᠢᠭᠤᠯᠤᠯᠭ᠎ᠠ ᠨᠢᠭᠡᠴᠠ ᠶᠢ ᠲᠤᠭᠳᠠᠭᠠᠵᠤ᠂ ᠬᠢᠨᠡᠨ ᠬᠠᠮᠢᠶᠠᠷᠤᠯᠳᠠ ᠶᠢ ᠴᠢᠩᠭᠠᠳᠬᠠᠨ᠎ᠠ᠃ | ᠬᠠᠭᠠᠰ ᠵᠢᠯ ᠤᠨ ᠬᠤᠭᠤᠴᠠᠭᠠᠨ ᠳᠤ ᠡᠳᠡᠭᠡᠷ ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠬᠦ ᠪᠠᠷ | ᠲᠤᠭᠳᠠᠭᠠᠭᠰᠠᠨ ᠭᠠᠵᠠᠷ ᠤᠷᠤᠨ᠂ ᠪᠠᠶᠢᠭᠤᠯᠤᠯᠭ᠎ᠠ ᠨᠢᠭᠡᠴᠡ ᠶᠢᠨ ᠶᠡᠷᠦᠩᠬᠡᠶᠢᠯᠡᠭᠰᠡᠨ ᠴᠢᠨᠠᠷᠲᠠᠢ ᠢᠷᠠᠭᠤ ᠠᠯᠳᠠᠷ ᠤᠨ | ᠴᠤᠯᠠ ᠤᠯᠬᠤ ᠪᠠᠷ ᠦᠷᠢᠰᠦᠯᠳᠦᠬᠦ ᠬᠢᠷᠢ ᠬᠡᠮ ᠢ ᠨᠢ ᠦᠭᠡᠶᠢᠰᠭᠡᠬᠦ ᠪᠠ ᠲᠤᠰ ᠭᠠᠵᠠᠷ ᠤᠷᠤᠨ᠂ ᠪᠠᠶᠢᠭᠤᠯᠤᠯᠭ᠎ᠠ | ᠨᠢᠭᠡᠴᠡ ᠶᠢᠨ ᠭᠤᠤᠯ ᠤᠳᠤᠷᠢᠳᠬᠤ ᠺᠠᠳ᠋ᠷ᠂ ᠭᠤᠤᠯᠯᠠᠨ ᠬᠠᠮᠢᠶᠠᠷᠴᠤ ᠪᠠᠶᠢᠬᠤ ᠤᠳᠤᠷᠢᠳᠬᠤ ᠺᠠᠳ᠋ᠷ᠂ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠤᠨ ᠲᠡᠷᠢᠬᠦᠨ ᠤ ᠠᠵᠢᠯᠳᠠᠨ ᠢᠶᠠᠷ ᠰᠤᠩᠭᠤᠭᠳᠠᠬᠤ᠂ ᠵᠡᠷᠭᠡ ᠲᠤᠰᠢᠶᠠᠯ | ᠲᠡᠪᠰᠢᠬᠦ ᠬᠢᠷᠢ ᠬᠡᠮ ᠢ ᠨᠢ ᠦᠭᠡᠶᠢᠰᠭᠡᠨ᠎ᠡ᠃ | ᠬᠤᠷᠢᠨ ᠵᠢᠷᠭᠤᠳᠤᠭᠠᠷ ᠵᠦᠢᠯ ᠫᠠᠶᠢᠰᠠ ᠡᠯᠬᠦᠨ ᠱᠠᠯᠠᠪᠳᠠᠭᠤᠯᠤᠨ ᠰᠢᠢᠳᠪᠤᠷᠢᠯᠡᠬᠦᠯᠬᠦ ᠬᠤᠭᠤᠴᠠᠭᠠᠨ ᠳᠤ | ᠮᠦᠨᠬᠦ ᠴᠡᠭᠴᠡᠯᠡᠨ ᠰᠠᠶᠢᠵᠢᠷᠠᠭᠤᠯᠬᠤ ᠬᠠᠷᠠᠯᠳᠠ ᠶᠢ ᠡᠰᠡ ᠪᠡᠶᠡᠯᠡᠭᠦᠯᠦᠭᠰᠡᠨ᠂ ᠡᠰᠡᠬᠦᠯ᠎ᠡ ᠲᠤᠰ ᠨᠠᠷᠢᠨ | ᠲᠦᠷᠢᠮ ᠤᠨ ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠪᠠᠶᠢᠳᠠᠯ ᠤᠷᠤᠰᠢᠵᠤ ᠪᠠᠶᠢᠬᠤ ᠪᠦᠭᠡᠳ ᠬᠤᠤᠷ | ᠬᠦᠨᠦᠭᠡᠯ ᠨᠢ ᠬᠦᠨᠳᠦ ᠨᠤᠴᠢᠲᠠᠢ ᠪᠤᠶᠤ ᠨᠦᠯᠦᠭᠡ ᠲᠤᠰᠬᠠᠯ ᠤᠨᠴᠠ ᠶᠡᠭᠡ ᠭᠠᠵᠠᠷ ᠤᠷᠤᠨ᠂ ᠪᠠᠶᠢᠭᠤᠯᠤᠯᠭ᠎ᠠ | ᠨᠢᠭᠡᠴᠡ ᠶᠢ ᠬᠠᠷᠠᠭᠠᠯᠵᠠᠭᠰᠠᠨ ᠲᠡᠭᠡᠷ᠎ᠠ ᠨᠢᠭᠡ ᠱᠠᠲᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠵᠦᠪᠯᠡᠯ ᠠᠴᠠ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ | ᠶᠤᠰᠤᠭᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠵᠤᠬᠢᠶᠠᠨ ᠪᠠᠶᠢᠭᠤᠯᠬᠤ | ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠳᠤᠷᠠᠨ ᠵᠦᠪᠳᠡᠯᠴᠡᠵᠤ ᠨᠢᠭᠡ ᠪᠢᠯᠧᠲ ᠢᠶᠠᠷ ᠦᠭᠡᠶᠢᠰᠭᠡᠬᠦ | ᠡᠷᠬᠡ ᠶᠢᠨ ᠲᠦᠷᠢᠮ ᠢ ᠬᠡᠷᠡᠭᠵᠢᠭᠦᠯᠬᠦ ᠡᠰᠡᠬᠦ ᠶᠢ ᠰᠤᠳᠤᠯᠤᠨ ᠲᠤᠭᠳᠠᠭᠠᠨ᠎ᠠ᠃ | ᠬᠤᠷᠢᠨ ᠲᠤᠯᠤᠳᠤᠭᠠᠷ ᠵᠦᠢᠯ ᠨᠢᠭᠡ ᠪᠢᠯᠧᠲ ᠢᠶᠠᠷ ᠦᠭᠡᠶᠢᠰᠭᠡᠬᠦ ᠡᠷᠬᠡ ᠶᠢᠨ ᠲᠦᠷᠢᠮ ᠢᠶᠠᠷ | ᠰᠢᠢᠳᠪᠦᠷᠢᠯᠡᠭᠳᠡᠭᠰᠡᠨ ᠭᠠᠵᠠᠷ ᠤᠷᠤᠨ᠂ ᠪᠠᠶᠢᠭᠤᠯᠤᠯᠭ᠎ᠠ ᠨᠢᠭᠡᠴᠡ ᠤᠨ ᠨᠢᠭᠡ ᠵᠢᠯ ᠤᠨ ᠬᠤᠭᠤᠴᠠᠭᠠᠨ ᠲᠤᠲᠤᠷ᠎ᠠ | ᠶᠡᠷᠦᠩᠬᠡᠶᠢᠯᠡᠭᠰᠡᠨ ᠴᠢᠨᠠᠷᠲᠠᠢ ᠢᠷᠠᠭᠤ ᠠᠯᠳᠠᠷ ᠤᠨ ᠴᠤᠯᠠ ᠤᠯᠬᠤ ᠪᠠᠷ ᠦᠷᠢᠰᠦᠯᠳᠦᠬᠦ ᠬᠢᠷᠢ ᠬᠡᠮ ᠢ ᠨᠢ | ᠦᠭᠡᠶᠢᠰᠭᠡᠵᠦ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ | ᠡᠷᠬᠡ ᠤᠨ ᠬᠢᠵᠠᠭᠠᠷ ᠪᠠ ᠲᠠᠰ ᠲᠡᠷᠡᠭᠠᠯᠠᠯ ᠢᠶᠠᠷ ᠭᠦᠢᠴᠡᠳᠭᠡᠨ᠎ᠡ︔ ᠲᠤᠰ ᠭᠠᠵᠠᠷ ᠤᠷᠤᠨ᠂ ᠪᠠᠶᠢᠭᠤᠯᠤᠯᠭ᠎ᠠ | ᠨᠢᠭᠡᠴᠡ ᠶᠢᠨ ᠭᠤᠤᠯ ᠤᠳᠤᠷᠢᠳᠬᠤ ᠺᠠᠳ᠋ᠷ᠂ ᠭᠤᠤᠯᠯᠠᠨ ᠬᠠᠮᠢᠶᠠᠷᠴᠤ ᠪᠠᠶᠢᠬᠤ ᠤᠳᠤᠷᠢᠳᠬᠤ ᠺᠠᠳ᠋ᠷ᠂ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠤᠨ ᠲᠡᠷᠢᠬᠦᠨ ᠤ ᠠᠵᠢᠯᠳᠠᠨ ᠢᠶᠠᠷ ᠰᠤᠩᠭᠤᠭᠳᠠᠬᠤ᠂ ᠵᠡᠷᠭᠡ ᠲᠤᠰᠢᠶᠠᠯ | ᠲᠡᠪᠰᠢᠬᠦ ᠬᠢᠷᠢ ᠬᠡᠮ ᠢ ᠨᠢ ᠦᠭᠡᠶᠢᠰᠭᠡᠵᠦ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠤᠨ ᠰᠠᠯᠠᠭ᠎ᠠ | ᠮᠦᠴᠢᠷ ᠠᠴᠠ ᠬᠠᠮᠢᠶ᠎ᠠ ᠪᠦᠬᠦᠢ ᠡᠷᠬᠡ ᠶᠢᠨ ᠬᠢᠵᠠᠭᠠᠷ ᠪᠠ ᠲᠠᠰ ᠲᠠᠷᠠᠭᠠᠯᠠᠯ ᠢᠶᠠᠷ ᠭᠦᠢᠴᠡᠳᠭᠡᠵᠤ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠨ ᠠᠯᠪᠠᠨ ᠭᠡᠷ ᠲᠠᠢ ᠬᠠᠮᠲᠤᠷᠠᠨ ᠲᠡᠭᠡᠷ᠎ᠠ ᠱᠠᠲᠤᠨ ᠤ | ᠬᠠᠮᠢᠶ᠎ᠠ ᠪᠦᠬᠦᠢ ᠪᠠᠶᠢᠭᠤᠯᠤᠯᠭ᠎ᠠ ᠳᠤ ᠮᠡᠳᠡᠭᠦᠯᠦᠨ ᠲᠠᠩᠰᠠᠯᠠᠭᠤᠯᠤᠨ᠎ᠠ᠃ ᠲᠤᠬᠠᠢ ᠶᠢᠨ ᠭᠠᠵᠠᠷ ᠤᠷᠤᠨ᠂ | ᠪᠠᠶᠢᠭᠤᠯᠤᠯᠭ᠎ᠠ ᠨᠢᠭᠡᠴᠡ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠬᠠᠷᠢᠭᠤᠴᠠᠯᠭ᠎ᠠ ᠨᠡᠭᠡᠮᠵᠢᠯᠡᠬᠦ | ᠴᠢᠬᠤᠯᠠᠲᠠᠢ ᠶᠢ ᠨᠢ ᠰᠠᠬᠢᠯᠭ᠎ᠠ ᠪᠠᠲᠤ ᠬᠢᠨᠠᠠ ᠪᠠᠶᠢᠴᠠᠭᠠᠬᠤ ᠪᠠᠶᠢᠭᠤᠯᠤᠯᠭ᠎ᠠ ᠳᠤ ᠰᠢᠯᠵᠢᠭᠦᠯᠦᠨ ᠦᠭᠴᠤ ᠰᠠᠬᠢᠯᠭ᠎ᠠ | ᠪᠠᠳᠤ ᠬᠠᠤᠯᠢ ᠲᠦᠷᠢᠮ ᠶᠤᠰᠤᠭᠠᠷ ᠰᠢᠢᠳᠪᠦᠷᠢᠯᠡᠨ᠎ᠠ᠃ | ᠬᠤᠷᠢᠨ ᠨᠠᠢᠮᠠᠳᠤᠭᠠᠷ ᠵᠦᠢᠯ ᠮᠠᠨ ᠤ ᠤᠷᠤᠨ ᠳᠤ ᠰᠠᠭᠤᠭ᠎ᠠ ᠲᠦᠪ ᠤᠨ ᠪᠠᠶᠢᠭᠤᠯᠤᠯᠭ᠎ᠠ ᠨᠢᠭᠡᠴᠠ ᠳᠤ | ᠨᠢᠭᠡ ᠪᠢᠯᠧᠲ ᠢᠶᠠᠷ ᠦᠭᠡᠶᠢᠰᠭᠡᠬᠦ ᠡᠷᠭᠡ ᠶᠢᠨ ᠲᠦᠷᠢᠮ ᠢ ᠬᠡᠷᠡᠭᠵᠢᠭᠦᠯᠬᠦ ᠴᠢᠬᠤᠯᠠᠲᠠᠢ ᠪᠤᠯ ᠦᠪᠡᠷᠲᠡᠭᠡᠨ | ᠵᠠᠰᠠᠬᠤ ᠤᠷᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠠᠴᠠ ᠲᠤᠰ | ᠪᠠᠶᠢᠭᠤᠯᠤᠯᠭ᠎ᠠ ᠨᠢᠭᠡᠴᠡ ᠶᠢᠨ ᠭᠤᠤᠯᠯᠠᠨ ᠬᠠᠮᠢᠶᠠᠷᠴᠤ ᠪᠠᠶᠢᠭ᠎ᠠ ᠪᠠᠶᠢᠭᠤᠯᠤᠯᠭ᠎ᠠ ᠨᠢᠭᠡᠴᠡ ᠪᠠ ᠲᠦᠪ ᠤᠨ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠳᠤ ᠪᠢᠴᠢᠭ ᠤᠨ ᠬᠡᠯᠪᠡᠷᠢ ᠪᠠᠷ ᠰᠠᠨᠠᠭᠤᠯᠭ᠎ᠠ ᠲᠤᠷᠠᠳᠤᠨ᠎ᠠ᠃ | | ᠠᠶᠢᠮᠠᠭ ᠬᠤᠲᠠ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠯᠭ᠎ᠠ ᠨᠢᠭᠡᠴᠡ ᠳᠤ | ᠨᠢᠭᠡ ᠪᠢᠯᠧᠲ ᠢᠶᠠᠷ ᠦᠭᠡᠶᠢᠰᠭᠡᠬᠦ ᠡᠷᠭᠡ ᠶᠢᠨ ᠲᠦᠷᠢᠮ ᠢ ᠬᠡᠷᠡᠭᠵᠢᠭᠦᠯᠬᠦ ᠴᠢᠬᠤᠯᠠᠲᠠᠢ ᠪᠤᠯ ᠠᠶᠢᠮᠠᠭ | ᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠠᠴᠠ ᠲᠤᠰ ᠪᠠᠶᠢᠭᠤᠯᠤᠯᠭ᠎ᠠ | ᠨᠢᠭᠡᠴᠡ ᠶᠢᠨ ᠭᠤᠤᠯᠯᠠᠨ ᠬᠠᠮᠢᠶᠠᠷᠴᠤ ᠪᠠᠶᠢᠭ᠎ᠠ ᠪᠠᠶᠢᠭᠤᠯᠤᠯᠭ᠎ᠠ ᠨᠢᠭᠡᠴᠡ ᠪᠠ ᠦᠪᠡᠷᠲᠡᠭᠡᠨ ᠵᠠᠰᠠᠬᠤ ᠤᠷᠤᠨ ᠤ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠳᠤ ᠪᠢᠴᠢᠭ ᠤᠨ ᠬᠡᠯᠪᠡᠷᠢ ᠪᠠᠷ ᠰᠠᠨᠠᠭᠤᠯᠭ᠎ᠠ | ᠲᠤᠷᠠᠳᠤᠨ᠎ᠠ᠃ | ᠬᠤᠷᠢᠨ ᠶᠢᠰᠦᠳᠦᠭᠡᠷ ᠵᠦᠢᠯ ᠨᠢᠭᠡ ᠪᠢᠯᠧᠲ ᠢᠶᠠᠷ ᠦᠭᠡᠶᠢᠰᠭᠡᠬᠦ ᠡᠷᠬᠡ ᠶᠢᠨ ᠲᠦᠷᠢᠮ ᠢᠶᠠᠷ | ᠰᠢᠢᠳᠪᠦᠷᠢᠯᠡᠭᠳᠡᠭᠰᠡᠨ ᠭᠠᠵᠠᠷ ᠤᠷᠤᠨ᠂ ᠪᠠᠶᠢᠭᠤᠯᠤᠯᠭ᠎ᠠ ᠨᠢᠭᠡᠴᠡ ᠭᠡᠷᠪᠠ ᠠᠳᠠᠯᠢ ᠪᠤᠰᠤ ᠶᠢᠨ ᠰᠠᠨᠠᠯ ᠲᠠᠢ ᠪᠤᠯ ᠲᠤᠰ | ᠦᠭᠡᠶᠢᠰᠭᠡᠬᠦ ᠰᠢᠢᠳᠪᠤᠷᠢ ᠪᠠᠭᠤᠯᠭᠠᠭᠰᠠᠨ ᠲᠡᠭᠡᠷ᠎ᠠ ᠨᠢᠭᠡ ᠱᠠᠲᠤᠨ ᠤ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠵᠦᠪᠯᠡᠯ ᠳᠤ ᠲᠠᠬᠢᠨ ᠪᠠᠶᠢᠴᠠᠭᠠᠬᠤ ᠪᠠᠷ ᠲᠤᠷᠠᠳᠤᠨ ᠲᠠᠪᠰᠢᠬᠦᠯᠵᠤ ᠪᠤᠯᠤᠨ᠎ᠠ᠃ ᠲᠠᠬᠢᠨ | ᠪᠠᠶᠢᠴᠠᠭᠠᠬᠤ ᠶᠢ ᠬᠦᠯᠢᠶᠡᠨ ᠠᠪᠤᠭᠰᠠᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ | ᠲᠠᠬᠢᠨ ᠪᠠᠶᠢᠴᠠᠭᠠᠬᠤ ᠲᠤᠷᠠᠳᠤᠯᠭ᠎ᠠ ᠶᠢ ᠬᠦᠯᠢᠶᠠᠡ ᠠᠪᠤᠭᠰᠠᠨ ᠲᠠᠷᠠᠭ᠎ᠠ 30 ᠡᠳᠦᠷ ᠤᠨ ᠲᠤᠲᠤᠷ᠎ᠠ ᠲᠠᠬᠢᠨ | ᠪᠠᠶᠢᠴᠠᠭᠠᠨ ᠲᠠᠭᠤᠰᠬᠠᠵᠤ᠂ ᠦᠭᠡᠶᠢᠰᠭᠡᠬᠦ ᠰᠢᠢᠳᠪᠤᠷᠢ ᠪᠠᠨ ᠬᠤᠪᠢᠷᠠᠭᠤᠯᠬᠤ ᠡᠰᠡᠬᠦ ᠶᠢ ᠲᠤᠭᠳᠠᠭᠠᠬᠤ ᠭᠡᠷᠡᠭᠳᠡᠢ᠃ | | ᠲᠠᠬᠢᠨ ᠪᠠᠶᠢᠴᠠᠭᠠᠵᠤ ᠪᠠᠶᠢᠭ᠎ᠠ ᠬᠤᠭᠤᠴᠠᠭᠠᠨ ᠳ᠋ᠤ᠋᠂ ᠦᠭᠡᠶᠢᠰᠭᠡᠬᠦ ᠰᠢᠢᠳᠪᠦᠷᠢ ᠶᠢ ᠲᠦᠷ ᠭᠡᠷᠡᠭᠵᠢᠬᠦᠯᠬᠦ | ᠦᠭᠡᠢ᠃ | ᠭᠤᠴᠢᠳᠤᠭᠠᠷ ᠵᠦᠢᠯ ᠨᠠᠮ ᠵᠠᠰᠠᠭ ᠤᠨ ᠤᠳᠤᠷᠢᠳᠬᠤ ᠺᠠᠳ᠋ᠷᠴᠤᠳ ᠲᠤ ᠲᠤᠰ ᠨᠠᠷᠢᠨ ᠲᠦᠷᠢᠮ ᠤᠨ | ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠪᠠᠶᠢᠳᠠᠯ ᠤᠷᠤᠰᠢᠵᠤ ᠪᠠᠶᠢᠪᠠᠯ᠂ ᠬᠠᠷᠢᠭᠤᠴᠠᠯᠭ᠎ᠠ ᠨᠡᠭᠡᠮᠵᠢᠯᠠᠵᠤ᠂ | ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠨᠠᠮ ᠤᠨ | ᠲᠤᠲᠤᠭᠠᠳᠤ ᠶᠢᠨ ᠬᠠᠤᠯᠢ ᠲᠤᠭᠳᠠᠭᠠᠯ ᠶᠤᠰᠤᠭᠠᠷ ᠰᠢᠢᠳᠪᠦᠷᠢᠯᠡᠬᠦ ᠭᠡᠷᠡᠭᠳᠡᠢ᠃ | | ᠵᠢᠷᠭᠤᠳᠤᠭᠠᠷ ᠪᠦᠯᠦᠭ ᠲᠠᠭᠠᠯᠳᠤᠭᠤᠯᠤᠯ | | ᠭᠤᠴᠢᠨ ᠨᠢᠭᠡᠳᠦᠭᠡᠷ ᠵᠦᠢᠯ ᠲᠤᠰ ᠨᠠᠷᠢᠨ ᠲᠦᠷᠢᠮ ᠤᠨ ᠲᠠᠶᠢᠯᠪᠤᠷᠢᠯᠡᠨ ᠬᠦᠢᠴᠡᠳᠭᠡᠬᠦ ᠠᠵᠢᠯ ᠢ | ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠮᠤᠷ ᠲᠦᠪᠰᠢᠨ ᠢ ᠶᠠᠷᠦᠩᠭᠡᠶᠢᠯᠡᠨ ᠵᠠᠰᠠᠬᠤ ᠵᠦᠪᠯᠡᠯ ᠬᠠᠷᠢᠭᠤᠴᠠᠨ᠎ᠠ᠃ | | ᠭᠤᠴᠢᠨ ᠬᠤᠶᠠᠳᠤᠭᠠᠷ ᠵᠦᠢᠯ ᠲᠤᠰ ᠨᠠᠷᠢᠨ ᠲᠦᠷᠢᠮ ᠢ ᠲᠠᠷᠤᠮᠠᠯᠯᠠᠵᠤ ᠲᠠᠷᠬᠠᠭᠠᠭᠰᠠᠨ | ᠡᠳᠦᠷ ᠠᠴᠠ ᠡᠬᠢᠯᠡᠨ ᠬᠡᠷᠡᠭᠵᠢᠭᠦᠯᠤᠨ᠎ᠠ᠃ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ | ᠨᠠᠷᠢᠨ ᠪᠢᠴᠢᠬᠡᠴᠢ ᠶᠢᠨ ᠭᠠᠵᠠᠷ | 2016 ᠤᠨ ᠤ 7 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ | | | ᠲᠤᠷᠤᠨ᠎ᠠ | ᠦᠪᠦᠷ ᠮᠣᠩᠭᠤᠯ ᠤᠨ ᠡᠳᠦᠷ ᠤᠨ ᠰᠣᠨᠢᠨ ᠠᠴᠠ |