ᠣᠩᠨᠢᠭᠤᠳ ᠬᠤᠰᠢᠭᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠢᠨᠵᠧᠨᠧᠷᠢᠩ ᠬᠠᠰ ᠯᠤᠤ ᠮᠠᠩᠬᠠᠨ ᠨᠠᠭᠤᠷ ᠤᠨ ᠵᠣᠭᠠᠴᠠᠯ ᠤᠨ ᠵᠠᠮ 1000 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/8/12
      ᠣᠩᠨᠢᠭᠤᠳ ᠬᠤᠰᠢᠭᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠢᠨᠵᠧᠨᠧᠷᠢᠩ ᠬᠠᠰ ᠯᠣᠤ ᠮᠠᠩᠬᠠᠨ ᠨᠠᠭᠤᠷ ᠤᠨ ᠵᠣᠭᠠᠴᠠᠯ ᠤᠨ ᠵᠠᠮ᠂ ᠪᠦᠬᠦ ᠤᠷᠳᠤ ᠨᠢ 29  ᠺᠢᠯᠤᠮᠧᠲᠷ᠂ ᠨᠡᠶᠢᠲᠡ 1.37 ᠳ᠋ᠦᠩᠰᠢᠭᠤᠷ ᠲᠦᠭᠦᠷᠢᠭ ᠪᠡᠯᠡ ᠣᠷᠤᠭᠤᠯᠤᠨ᠎ᠠ᠂ ᠲᠦᠰᠤᠪᠯᠡᠭᠰᠡᠨ ᠢᠶᠠᠷ9 ᠰᠠᠷ᠎ᠠ ᠶᠢᠨ ᠰᠡᠭᠦᠯᠴᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠨ᠎ᠡ᠃ ᠲᠤᠰ ᠵᠠᠮ ᠢ 4 ᠰᠠᠷ᠎ᠠ ᠶᠢᠨ 9 ᠤ ᠡᠳᠦᠷ ᠡᠬᠢᠯᠡᠨ ᠪᠠᠶᠢᠭᠤᠯᠵᠤ᠂ ᠣᠲᠣ ᠪᠣᠯᠲᠠᠯ᠎ᠠ᠂ ᠨᠢᠭᠡᠨᠲᠡ ᠪᠦᠬᠦ ᠵᠠᠮ ᠤᠨ ᠰᠠᠭᠤᠷᠢ ᠶᠢᠨ ᠨᠢᠭᠤᠷ ᠢ ᠲᠡᠭᠰᠢᠯᠡᠬᠦ᠂ 16 ᠺᠢᠯᠤᠮᠧᠲᠷ ᠵᠠᠮ ᠤᠨ ᠰᠠᠭᠤᠷᠢ ᠶᠢᠨ ᠮᠧᠲᠷ ᠰᠢᠷᠤᠢ᠂ 2 ᠭᠤᠯᠳᠤᠩ ᠬᠦᠨᠳᠡᠢ ᠶᠢ ᠪᠠᠶᠢᠭᠤᠯᠵᠤ᠂ ᠵᠢᠭᠤᠷᠠᠵᠤ ᠨᠡᠶᠢᠯᠡᠭᠦᠯᠬᠦ ᠲᠠᠯᠠᠪᠤᠷ ᠪᠠ ᠤᠷᠢᠳᠴᠢᠯᠠᠨ ᠬᠢᠭᠰᠡᠨ ᠲᠣᠨᠤᠭ ᠤᠨ ᠲᠠᠯᠠᠪᠤᠷ ᠢ ᠰᠢᠨ᠎ᠡ ᠪᠠᠷ ᠪᠠᠶᠢᠭᠤᠯᠵᠤ᠂ 4.3 ᠺᠢᠯᠤᠮᠧᠲᠷ ᠲᠦᠷ ᠴᠠᠭ ᠤᠨ ᠵᠠᠮ ᠢ ᠵᠠᠰᠠᠨ ᠪᠠᠶᠢᠭᠤᠯᠵᠤ᠂ 250 ᠲᠦᠮᠡᠨ ᠲᠦᠭᠦᠷᠢᠭ ᠤᠨ ᠮᠠᠲ᠋ᠧᠷᠢᠶᠠᠯ ᠢ ᠪᠡᠯᠡᠳᠭᠡᠵᠦ᠂ ᠨᠡᠶᠢᠲᠡ 1000 ᠲᠦᠮᠡᠨ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号