ᠣᠩᠨᠢᠭᠤᠳ ᠬᠤᠰᠢᠭᠤᠨ ᠤ ᠭᠤᠣᠯᠳᠠᠯᠭ᠎ᠠ ᠲᠠᠢ ᠴᠠᠷᠳᠠᠮᠠᠯ ᠵᠠᠮ ᠢ ᠦᠭᠡᠷᠡᠴᠢᠯᠡᠬᠦ ᠢᠨᠵᠧᠨᠧᠷᠢᠩ 5.5 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/8/12
      ᠣᠩᠨᠢᠭᠤᠳ  ᠬᠤᠰᠢᠭᠤᠨ ᠤ ᠭᠤᠣᠯᠳᠠᠯᠭ᠎ᠠ ᠲᠠᠢ ᠴᠠᠷᠳᠠᠮᠠᠯ ᠵᠠᠮ ᠢ ᠦᠭᠡᠷᠡᠴᠢᠯᠡᠬᠦ ᠢᠨᠵᠧᠨᠧᠷᠢᠩ ᠨᠢ ᠮᠣᠵᠢ ᠶᠢᠨ ᠵᠠᠮ 304 ᠱᠤᠭᠤᠮ ᠪᠣᠷᠤᠬᠤᠲᠠ ᠠᠴᠠ ᠲᠡᠩᠨᠡᠭᠦᠷ ᠤᠨ ᠭᠤᠣᠯ ᠬᠦᠷᠲᠡᠯ᠎ᠡ ᠪᠦᠬᠦ ᠤᠷᠲᠤ ᠨᠢ 103 ᠺᠢᠯᠤᠮᠧᠲᠷ᠂ ᠲᠦᠷᠤᠯ ᠵᠤᠶᠢᠯ ᠤᠨ ᠶᠡᠷᠤᠩᠭᠡᠢ ᠪᠡᠯᠡ ᠣᠷᠤᠭᠤᠯᠤᠯᠲᠠ ᠨᠢ 6.5 ᠳ᠋ᠦᠩᠰᠢᠭᠤᠷ ᠲᠦᠭᠦᠷᠢᠭ᠂ 2014 ᠣᠨ ᠤ 8 ᠰᠠᠷ᠎ᠠ ᠳᠤ ᠡᠬᠢᠯᠡᠨ ᠪᠠᠶᠢᠭᠤᠯᠵᠤ᠂ ᠨᠢᠭᠡᠨᠲᠡ ᠬᠦᠭᠦᠷᠭᠡ᠂ ᠭᠤᠯᠳᠤᠩ ᠬᠦᠨᠳᠡᠢ᠂ ᠵᠠᠮ ᠤᠨ ᠰᠠᠭᠤᠷᠢ᠂ ᠵᠠᠮ ᠤᠨ ᠨᠢᠭᠤᠷ  ᠢ ᠳᠠᠪᠬᠤᠷᠭ᠎ᠠ ᠳᠡᠪᠢᠰᠬᠦ ᠢᠨᠵᠧᠨᠧᠷᠢᠩ ᠢ ᠪᠡᠶᠡᠯᠡᠭᠦᠯᠵᠦ᠂ 35 ᠺᠢᠯᠤᠮᠧᠲᠷ ᠪᠠᠷᠤᠭᠰᠢᠨ ᠪᠧᠲ᠋ᠤᠨ ᠵᠠᠮ ᠤᠨ ᠨᠢᠭᠤᠷ ᠢ ᠪᠠᠶᠢᠭᠤᠯᠵᠤ᠂ ᠡᠨᠡ ᠵᠢᠯ ᠤᠨ 4 ᠰᠠᠷ᠎ᠠ ᠶᠢᠨ ᠰᠢᠨᠡᠳ ᠢᠶᠠᠷ ᠪᠦᠲᠤᠭᠡᠨ ᠪᠠᠶᠢᠭᠤᠯᠤᠯᠲᠠ ᠶᠢ ᠰᠡᠷᠭᠦᠭᠡᠵᠤ᠂ ᠣᠳᠤ ᠵᠠᠮ ᠤᠨ ᠨᠢᠭᠤᠷ ᠤᠨ ᠰᠠᠭᠤᠷᠢ ᠪᠠᠷᠢᠯᠭ᠎ᠠ ᠶᠢ ᠶᠠᠪᠤᠭᠳᠠᠭᠤᠯᠵᠤ ᠪᠠᠶᠢᠨ᠎ᠠ᠂ ᠨᠡᠶᠢᠲᠡ 5.5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂7 ᠰᠠᠷ᠎ᠠ ᠶᠢᠨ ᠰᠡᠭᠦᠯᠴᠢ ᠪᠠᠷ ᠲᠡᠷᠭᠡ ᠨᠡᠪᠲᠡᠷᠡᠭᠦᠯᠬᠦ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号