ᠢᠯᠡ ᠪᠠᠷ ᠵᠣᠭᠤᠰ ᠴᠤᠭᠯᠠᠭᠤᠯᠬᠤ ᠳᠦᠷᠢᠮ ᠠᠴᠠ ᠵᠦᠷᠢᠴᠡᠪᠡᠯ ᠬᠠᠷᠢᠭᠤᠴᠠᠯᠭ᠎ᠠ ᠨᠡᠬᠡᠮᠵᠢᠯᠡᠨ᠎ᠡ
ᠨᠡᠶᠢᠲᠡᠯᠡᠭᠰᠡᠨ ᠴᠠᠭ᠄
2016/8/18
      ᠨᠢᠭᠦᠯᠡᠰᠤᠩᠭᠦᠢ ᠶᠢᠨ ᠬᠠᠥᠯᠢ ᠶᠢ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠠᠷ ᠪᠠᠶᠢᠨ᠎ᠠ᠃ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠵᠣᠭᠤᠰ ᠴᠤᠭᠯᠠᠭᠤᠯᠬᠤ ᠠᠵᠢᠯᠯᠠᠭᠠᠨ ᠢ ᠳᠦᠷᠢᠮᠵᠢᠭᠦᠯᠵᠦ᠂ ᠨᠢᠭᠦᠯᠡᠰᠤᠩᠭᠦᠢ ᠶᠢᠨ ᠬᠠᠥᠯᠢ ᠶᠢ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠬᠤ ᠶᠢᠨ  ᠲᠤᠯᠠᠳᠠ᠂ ᠠᠷᠠᠳ ᠤᠨ ᠶᠠᠪᠤᠳᠠᠯ ᠤᠨ ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ᠂ ︽ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠵᠣᠭᠤᠰ ᠴᠤᠭᠯᠠᠭᠤᠯᠬᠤ ᠶᠢ ᠬᠠᠮᠢᠶᠠᠷᠬᠤ ᠠᠷᠭ᠎ᠠ︾  ᠳᠤ ᠢᠯᠡ ᠪᠠᠷ ᠰᠠᠨᠠᠯ ᠬᠤᠷᠢᠶᠠᠪᠠ᠃ ᠰᠠᠨᠠᠯ ᠬᠤᠷᠢᠶᠠᠬᠤ ᠪᠢᠴᠢᠭ ᠲᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠢᠯᠡ ᠪᠠᠷ ᠵᠣᠭᠤᠰ ᠴᠤᠭᠯᠠᠭᠤᠯᠬᠤ ᠬᠢᠷᠢ ᠭᠡᠮ ᠦᠭᠡᠢ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠢᠯᠡ ᠪᠠᠷ ᠵᠣᠭᠤᠰ ᠴᠤᠭᠯᠠᠭᠤᠯᠬᠤ ᠵᠡᠷᠭᠡ ᠳᠦᠷᠢᠮ ᠠᠴᠠ ᠵᠦᠷᠢᠴᠡᠭᠰᠡᠨ ᠠᠵᠢᠯᠯᠠᠭ᠎ᠠ ᠬᠢᠪᠡᠯ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠳᠤᠷᠬᠠᠢ ᠳᠤᠷᠠᠳᠪᠠ᠃       ᠰᠠᠨᠠᠯ ᠬᠤᠷᠢᠶᠠᠬᠤ ᠪᠢᠴᠢᠭ ᠲᠤ ᠠᠯᠢ ᠣᠯᠠᠨ ᠳᠦᠷᠢᠮ ᠠᠴᠠ ᠵᠦᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠲᠣᠳᠤᠷᠬᠠᠶᠢᠯᠠᠪᠠ᠃ ᠢᠯᠡ ᠪᠠᠷ ᠵᠣᠭᠤᠰ ᠴᠤᠭᠯᠠᠭᠤᠯᠬᠤ ᠬᠢᠷᠢ ᠭᠡᠮ ᠤᠨ ᠦᠨᠡᠮᠯᠡᠯ ᠢ ᠬᠠᠭᠤᠷᠮᠠᠭ ᠢᠶᠠᠷ ᠵᠣᠬᠢᠶᠠᠬᠤ᠂ ᠬᠤᠪᠢᠷᠠᠭᠤᠯᠵᠤ ᠬᠢᠬᠦ᠂ ᠳᠦᠷᠢᠶᠡᠰᠤᠯᠡᠭᠦᠯᠬᠦ᠂ ᠵᠢᠭᠡᠯᠡᠭᠦᠯᠤᠭ᠍ᠰᠡᠨ︔ ᠵᠣᠭᠤᠰ ᠴᠤᠭᠯᠠᠭᠤᠯᠬᠤ ᠲᠦᠰᠤᠪ ᠲᠤ ᠲᠣᠭᠲᠠᠭᠠᠭᠰᠠᠨ ᠴᠠᠭ᠂ ᠴᠠᠭ ᠤᠨ ᠬᠢᠵᠠᠭᠠᠷᠯᠠᠯ᠂ ᠬᠦᠷᠢᠶ᠎ᠡ ᠬᠡᠪᠴᠢᠶ᠎ᠡ᠂ ᠠᠷᠭ᠎ᠠ ᠬᠡᠮᠵᠢᠶ᠎ᠡ ᠶᠣᠰᠤᠭᠠᠷ ᠵᠣᠭᠤᠰ ᠴᠤᠭᠯᠠᠭᠤᠯᠤᠭᠰᠠᠨ ᠦᠭᠡᠢ︔ ᠲᠤᠰ ᠠᠷᠭ᠎ᠠ ᠬᠡᠮᠵᠢᠶ᠎ᠡ ᠶᠢᠨ ᠶᠣᠰᠤᠭᠠᠷ ᠳᠠᠩᠰᠠᠨ ᠳᠤ ᠲᠡᠮᠳᠡᠭᠯᠡᠭᠰᠡᠨ ᠦᠭᠡᠢ︔ ᠬᠤᠭᠤᠴᠠᠭ᠎ᠠ ᠨᠢ ᠲᠤᠯᠵᠤ ᠤᠷᠳᠤᠳᠬᠠᠭᠰᠠᠨ ᠦᠭᠡᠢ ᠪᠣᠶᠤ ᠨᠢᠭᠡᠨᠲᠡ ᠦᠭᠡᠶᠢᠰᠭᠡᠭᠳᠡᠭᠰᠡᠨ ᠢᠯᠡ ᠪᠠᠷ ᠵᠣᠭᠤᠰ ᠴᠤᠭᠯᠠᠭᠤᠯᠬᠤ ᠬᠢᠷᠢ ᠭᠡᠮ ᠨᠢ ᠳᠡᠭᠡᠭᠰᠢ ᠮᠡᠳᠡᠭᠦᠯᠬᠦ ᠠᠯᠪᠠᠨ ᠵᠢᠷᠤᠮ ᠢᠶᠠᠷ ᠭᠦᠢᠴᠡᠳᠭᠡᠭᠰᠡᠨ ᠦᠭᠡᠢ︔ ᠢᠯᠡ ᠪᠠᠷ ᠵᠣᠭᠤᠰ ᠴᠤᠭᠯᠠᠭᠤᠯᠬᠤ ᠬᠢᠷᠢ ᠭᠡᠮ ᠦᠭᠡᠢ ᠪᠠᠶᠢᠭᠠᠳ ᠢᠯᠡ ᠪᠠᠷ ᠵᠣᠭᠤᠰ ᠴᠤᠭᠯᠠᠭᠤᠯᠵᠤ ᠣᠯᠤᠭᠰᠠᠨ ᠡᠳ᠋ ᠬᠦᠷᠤᠩᠭᠡ  ᠶᠢ ᠬᠡᠷᠡᠭᠯᠡᠭᠰᠡᠨ︔ ᠢᠯᠡ ᠪᠠᠷ ᠵᠣᠭᠤᠰ ᠴᠤᠭᠯᠠᠭᠤᠯᠬᠤ ᠠᠵᠢᠯᠯᠠᠭᠠᠨ ᠦᠷᠨᠢᠭᠦᠯᠵᠦ ᠣᠯᠤᠭᠰᠠᠨ ᠡᠳ᠋ ᠬᠦᠷᠤᠩᠭᠡ ᠪᠠᠨ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠢᠭᠡᠳᠤᠯᠲᠡᠢ ᠬᠢᠨᠠᠨ ᠪᠣᠳᠤᠯᠲᠠ ᠪᠠ ᠳᠠᠩᠰᠠ ᠡᠷᠤᠬᠡ ᠶᠢᠨ ᠬᠠᠮᠢᠶᠠᠷᠤᠯᠲᠠ ᠳᠤ ᠣᠷᠤᠭᠤᠯᠤᠭᠰᠠᠨ ᠦᠭᠡᠢ ᠵᠢᠴᠢ ᠪᠣᠰᠤᠳ ᠲᠤᠰ ᠠᠷᠭ᠎ᠠ ᠬᠡᠮᠵᠢᠶ᠎ᠡ ᠠᠴᠠ ᠵᠦᠷᠢᠴᠡᠭᠰᠡᠨ ᠠᠵᠢᠯᠯᠠᠭ᠎ᠠ ᠶᠢ ᠪᠠᠭᠲᠠᠭᠠᠭᠰᠠᠨ ᠪᠠᠶᠢᠨ᠎ᠠ᠃       ᠡᠭᠦᠨ ᠤ ᠬᠠᠮᠲᠤ᠂ ᠰᠠᠨᠠᠯ ᠬᠤᠷᠢᠶᠠᠬᠤ ᠪᠢᠴᠢᠭ ᠨᠢ ᠳᠡᠭᠡᠷ᠎ᠡ ᠳᠤᠷᠠᠳᠤᠭᠰᠠᠨ ᠳᠦᠷᠢᠮ ᠠᠴᠠ ᠵᠦᠷᠢᠴᠡᠭᠰᠡᠨ ᠠᠵᠢᠯᠯᠠᠭ᠎ᠠ ᠳᠤ ᠬᠠᠨᠳᠤᠭᠤᠯᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠰᠡᠷᠡᠮᠵᠢᠯᠡᠭᠦᠯᠬᠦ ᠪᠣᠶᠤ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠶᠢ ᠱᠠᠭᠠᠷᠳᠠᠵᠤ᠂ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠬᠠᠷᠢᠭᠤᠴᠠᠯᠭᠠᠲᠠᠨ ᠢ 2 ᠲᠦᠮᠡᠨ ᠲᠦᠭᠦᠷᠢᠭ ᠠᠴᠠ ᠳᠡᠭᠡᠭᠰᠢ ᠰᠢᠳᠭᠡᠨ ᠲᠣᠷᠭᠠᠵᠤ ᠪᠣᠯᠤᠨ᠎ᠠ ᠬᠡᠵᠤ ᠲᠣᠳᠤᠷᠬᠠᠶᠢᠯᠠᠪᠠ᠃       ᠠᠷᠠᠳ ᠤᠨ ᠶᠠᠪᠤᠳᠠᠯ ᠤᠨ ᠶᠠᠮᠤᠨ ᠠᠴᠠ ᠢᠯᠡᠷᠬᠡᠶᠢᠯᠡᠭᠰᠡᠨ ᠢᠶᠠᠷ᠂ ᠲᠤᠰ ᠡᠳᠦᠷ ᠠᠴᠠ ᠡᠬᠢᠯᠡᠨ 8 ᠰᠠᠷ᠎ᠠ ᠶᠢᠨ 28 ᠤ ᠡᠳᠦᠷ ᠪᠣᠯᠲᠠᠯ᠎ᠠ ᠰᠠᠨᠠᠯ ᠬᠤᠷᠢᠶᠠᠬᠤ ᠪᠢᠴᠢᠭ ᠢᠶᠠᠷ ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ ᠵᠠᠰᠠᠪᠤᠷᠢ ᠣᠷᠤᠭᠤᠯᠬᠤ ᠰᠠᠨᠠᠯ ᠢ ᠰᠣᠨᠤᠰᠤᠨ᠎ᠠ ᠭᠡᠪᠡ᠃
 
ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ ᠠᠴᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号