ᠠᠵᠢᠯ ᠡᠷᠢᠬᠦ ᠳᠤ ᠪᠠᠨ ᠮᠡᠬᠡᠯᠡᠭᠳᠡᠬᠦ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2016/8/3
      ᠵᠢᠯ ᠪᠣᠯᠭᠠᠨ ᠤ 5 ᠰᠠᠷ᠎ᠠ  ᠎ ᠳᠤ᠂ ᠴᠢᠳᠠᠪᠤᠷᠢᠲᠠᠨ ᠡᠯᠰᠡᠬᠦ ᠵᠠᠬ᠎ᠠ ᠳᠡᠯᠭᠡᠭᠦᠷ ᠬᠦᠷ ᠬᠦᠭᠵᠢᠶᠡᠨ ᠲᠠᠢ ᠪᠣᠯᠵᠤ᠂ ᠳᠦᠷᠪᠡᠨ ᠵᠦᠭ ᠨᠠᠢᠮᠠᠨ ᠵᠣᠪᠬᠢᠰ ᠠᠴᠠ ᠬᠦᠷᠤᠯᠴᠡᠨ ᠢᠷᠡᠭᠰᠡᠨ ᠤᠶᠤᠲᠠᠳ ᠢ ᠲᠠᠲᠠᠨ ᠠᠪᠴᠢᠷᠠᠳᠠᠭ᠃       ᠣᠶᠢᠷ᠎ᠠ ᠶᠢᠨ ᠡᠳᠦᠷ᠂ ᠲᠤᠰᠬᠠᠢ ᠮᠡᠷᠭᠡᠵᠢᠯ ᠤᠨ ᠬᠦᠮᠤᠰ ᠠᠵᠢᠯ ᠡᠷᠢᠭᠰᠡᠳ ᠲᠤ ᠰᠠᠨᠠᠭᠤᠯᠬᠤ ᠨᠢ᠂ ᠵᠦᠪᠬᠡᠨ ᠠᠯᠪᠠᠨ ᠶᠣᠰᠣᠨ ᠤ ᠬᠠᠥᠯᠢ ᠳᠤ ᠨᠡᠶᠢᠴᠡᠭᠰᠡᠨ ᠬᠦᠮᠦᠨ ᠤ ᠬᠦᠴᠤᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠰᠠᠶ᠋ᠢ ᠠᠮᠤᠷ ᠲᠦᠪᠰᠢᠨ ᠤ ᠪᠠᠲᠤᠯᠠᠭ᠎ᠠ ᠲᠠᠢ᠂ ᠠᠵᠢᠯ ᠡᠷᠢᠭᠰᠡᠳ ᠪᠢᠲᠡᠭᠡᠢ ︽ᠫᠠᠷᠲ᠋ᠢᠽᠠᠨ︾ ᠴᠢᠳᠠᠪᠤᠷᠢᠲᠡᠨ ᠡᠯᠰᠡᠭᠳᠡᠳ ᠢ ᠢᠲᠡᠭᠡᠵᠦ᠂ ᠨᠡᠩ ᠴᠤ ᠬᠤᠪᠤᠷ ᠦᠨᠡᠲᠡᠢ ᠪᠣᠳᠠᠰ ᠪᠣᠶᠤ ᠵᠣᠭᠤᠰ᠂ ᠦᠨᠡᠮᠯᠡᠯ ᠢᠶᠠᠨ ᠪᠣᠰᠤᠳ ᠲᠤ  ᠲᠤᠷ᠎ᠠ ᠪᠠᠷ ᠲᠤᠰᠢᠶᠠᠨ ᠦᠭᠴᠦ ᠪᠣᠯᠬᠤ ᠦᠭᠡᠢ᠂ ᠨᠡᠩ ᠣᠨᠴᠠᠭᠠᠶᠢᠯᠠᠨ ᠣᠳᠤᠬᠢ ᠰᠢᠨ᠎ᠡ ᠪᠠᠷ ᠳᠡᠯᠭᠡᠷᠡᠵᠦ ᠪᠠᠶᠢᠭ᠎ᠠ ᠸᠢᠴᠠᠲ ᠳᠤ ᠬᠦᠮᠦᠨ ᠡᠯᠰᠡᠬᠦ ᠳᠤ ᠢᠯᠡᠭᠦᠬᠡᠨ ᠰᠢᠭ  ᠰᠣᠨᠤᠷ ᠰᠡᠷᠡᠮᠵᠢ ᠪᠠᠨ ᠳᠡᠭᠡᠭᠰᠢᠯᠡᠭᠦᠯᠬᠦ ᠭᠡᠷᠡᠭᠲᠡᠢ᠃        ᠦᠵᠡᠭᠳᠡᠯ ᠨᠢᠭᠡ᠄ ᠠᠵᠢᠯ ᠡᠷᠢᠬᠦ ᠳᠤ ᠤᠷᠢᠳᠠᠪᠠᠷ ᠵᠣᠭᠤᠰ ᠲᠤᠰᠢᠶᠠᠬᠤ        ᠣᠳᠣ ᠵᠠᠷ ᠮᠡᠳᠡᠭᠡᠨ ᠤ ᠺᠣᠮᠫᠠᠨᠢ ᠳᠤ ᠠᠵᠢᠯᠯᠠᠵᠤ ᠪᠠᠶᠢᠭ᠎ᠠ ᠨᠢᠭᠡᠨ ᠠᠵᠢᠯᠲᠠᠨ ᠦᠪᠡᠷ ᠤᠨ ᠠᠵᠢᠯ ᠡᠷᠢᠭᠰᠡᠨ ᠦᠩᠭᠡᠷᠡᠯᠲᠡ ᠪᠠᠨ ᠲᠠᠨᠢᠯᠴᠠᠭᠤᠯᠬᠤ ᠪᠠᠷ᠂ ᠳᠡᠭᠡᠷ᠎ᠡ ᠵᠢᠯ ᠲᠡᠷᠡ ᠨᠢᠭᠡᠨ ᠰᠦᠯᠵᠢᠶᠡᠨ ᠺᠣᠮᠫᠠᠨᠢ ᠳᠤ ᠮᠠᠲ᠋ᠧᠷᠢᠶᠠᠯ ᠴᠤᠭᠯᠠᠭᠤᠯᠬᠤ ᠠᠵᠢᠯ ᠡᠷᠢᠵᠡᠢ᠃ ᠰᠢᠶᠣᠥ ᠵᠣᠣ ᠬᠡᠯᠡᠭᠰᠡᠨ ᠨᠢ ︽ᠲᠣᠬᠠᠢ ᠶᠢᠨ ᠦᠶ᠎ᠡ ᠳᠤ ᠬᠤᠶᠠᠳᠠᠬᠢ ᠰᠢᠯᠭᠠᠯᠲᠠ ᠳᠤ ᠣᠷᠤᠯᠴᠠᠭᠰᠠᠨ ᠨᠢ 12 ᠬᠦᠮᠦᠨ ᠪᠣᠢ︾᠃ ᠬᠤᠶᠠᠳᠠᠬᠢ ᠰᠢᠯᠭᠠᠯᠲᠠ ᠨᠢ ᠶᠠᠭ ᠰᠤᠷᠭᠠᠭᠤᠯᠢ ᠶᠢᠨ ᠰᠢᠯᠭᠠᠯᠲᠠ ᠰᠢᠭ᠋᠂ ᠲᠡᠷᠡ ᠰᠢᠯᠭᠠᠵᠤ ᠪᠠᠷᠠᠭᠠᠳ ᠳᠡᠮᠡᠢ ᠤᠳᠠᠭᠰᠠᠨ ᠦᠭᠡᠢ ᠪᠠᠷ ᠨᠢᠭᠡᠨᠲᠡ ᠡᠯᠰᠡᠭᠳᠡᠭᠰᠡᠨ ᠮᠡᠳᠡᠭᠳᠡᠯ ᠣᠯᠵᠠᠢ᠃ ᠬᠠᠷᠢᠨ ᠲᠡᠷᠡ ᠺᠣᠮᠫᠠᠨᠢ ᠳᠤ ᠪᠠᠨ ᠣᠴᠢᠭᠰᠠᠨ ᠤ ᠳᠠᠷᠠᠭ᠎ᠠ᠂ ᠺᠣᠮᠫᠠᠨᠢ ᠠᠴᠠ  ᠠᠵᠢᠯ ᠤᠨ ᠪᠠᠶᠢᠷᠢ ᠳᠤ ᠭᠠᠷᠬᠤ ᠠᠴᠠ ᠡᠮᠤᠨᠡᠬᠢ ᠪᠣᠯᠪᠠᠰᠤᠷᠠᠯ ᠤᠨ ᠰᠤᠶᠢᠳᠭᠡᠯ 700 ᠲᠦᠭᠦᠷᠢᠭ᠂ ᠮᠠᠲ᠋ᠧᠷᠢᠶᠠᠯ ᠤᠨ ᠰᠤᠶᠢᠳᠭᠡᠯ 300 ᠲᠦᠭᠦᠷᠢᠭ ᠬᠤᠷᠢᠶᠠᠬᠤ ᠭᠡᠵᠡᠢ…       ᠰᠠᠨᠠᠭᠤᠯᠤᠮᠵᠢ᠄ ᠠᠯᠪᠠᠨ ᠶᠣᠰᠤᠨ ᠤ ᠬᠦᠮᠦᠨ ᠬᠡᠷᠡᠭᠯᠡᠬᠦ ᠪᠠᠶᠢᠭᠤᠯᠤᠯᠭ᠎ᠠ ᠨᠢᠭᠡᠴᠡ ᠠᠴᠠ ᠶᠠᠮᠠᠷ ᠴᠦ ᠰᠤᠶᠢᠳᠭᠡᠯ ᠬᠤᠷᠢᠶᠠᠬᠤ ᠦᠭᠡᠢ᠃ ᠲᠡᠭᠦᠰᠬᠦ ᠤᠶᠤᠲᠠᠳ ᠡᠯ᠎ᠡ ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠨ ᠰᠤᠶᠢᠳᠭᠡᠯ ᠬᠤᠷᠢᠶᠠᠬᠤ ᠠᠵᠢᠯ ᠠᠴᠠ ᠴᠢᠳᠠᠬᠤ ᠶᠢᠨ ᠳᠣᠲᠤᠷ᠎ᠠ ᠵᠠᠶᠢᠯᠠᠰᠬᠢᠬᠤ ᠬᠡᠷᠡᠭᠲᠡᠢ᠃        ᠦᠵᠡᠭᠳᠡᠯ ᠬᠤᠶᠠᠷ  ᠄ ᠵᠠᠷᠢᠮ ᠺᠣᠮᠫᠠᠨᠢ ︽ ᠣᠯᠠᠨᠲᠠ ᠡᠯᠰᠡᠭᠰᠡᠨ ᠴᠦ ᠤᠷᠢᠵᠤ ᠬᠡᠷᠡᠭᠯᠡᠬᠦ ᠦᠭᠡᠢ︾         ᠴᠢᠳᠠᠪᠤᠷᠢᠲᠠᠨ ᠡᠯᠰᠡᠬᠦ ᠰᠦᠯᠵᠢᠶᠡᠨ ᠤ ᠶᠠᠷᠢᠶᠠᠨ ᠤ ᠲᠠᠪᠴᠠᠩ ᠢ ᠠᠵᠢᠭᠯᠠᠬᠤ ᠳᠤ ᠵᠠᠷᠢᠮ ᠠᠵᠢᠯ ᠡᠷᠢᠭᠰᠡᠳ ᠳᠤᠰᠬᠠᠭᠰᠠᠨ ᠨᠢ ᠦᠪᠡᠷ ᠢᠶᠠᠨ ᠣᠯᠠᠨ ᠤᠳᠠᠭᠠᠨ ᠤ ᠴᠢᠳᠠᠪᠤᠷᠢᠲᠠᠨ ᠡᠯᠰᠡᠬᠦ ᠴᠤᠭᠯᠠᠭᠠᠨ ᠳᠤ ᠣᠷᠤᠯᠴᠠᠵᠤ᠂ ᠭᠡᠲᠡᠯ᠎ᠡ ᠰᠤᠷᠠᠭᠯᠠᠭᠠᠳ ᠮᠡᠳᠡᠭᠰᠡᠨ ᠨᠢ ᠡᠳᠡᠭᠡᠷ ᠺᠣᠮᠫᠠᠨᠢ ᠦᠨᠡᠨᠳᠡᠭᠡᠨ ᠴᠢᠳᠠᠪᠤᠷᠢᠲᠠᠨ ᠡᠯᠰᠡᠵᠤ ᠪᠠᠶᠢᠬᠤ ᠦᠭᠡᠢ᠂ ᠬᠠᠷᠢᠨ ᠵᠠᠷᠢᠮ ᠪᠠᠭ᠎ᠠ ᠠᠵᠦ ᠠᠬᠤᠶᠢᠯᠠᠯ ᠨᠢ ᠵᠠᠪᠰᠢᠶᠠᠨ ᠢ ᠳᠠᠯᠢᠮᠳᠠᠭᠤᠯᠵᠤ ᠵᠠᠷ ᠰᠤᠷᠳᠠᠯᠴᠢᠯᠠᠭ᠎ᠠ ᠬᠢᠵᠤ᠂ ᠵᠠᠷᠢᠮ ᠨᠢ ᠬᠡᠯᠪᠡᠷᠢ ᠶᠢᠨ ᠲᠡᠳᠤᠢ ᠬᠢᠵᠤ ᠪᠠᠶᠢᠨ᠎ᠠ᠃        ᠰᠠᠨᠠᠭᠤᠯᠤᠮᠵᠢ᠄ ᠤᠶᠤᠲᠠᠳ ᠠᠵᠢᠯ ᠡᠷᠢᠬᠦ ᠠᠴᠠ ᠪᠠᠨ ᠡᠮᠤᠨ᠎ᠡ ᠠᠵᠦ ᠠᠬᠤᠶᠢᠯᠠᠯ ᠤᠨ ᠪᠠᠶᠢᠳᠠᠯ ᠪᠠ ᠠᠵᠢᠯ ᠤᠨ ᠪᠠᠶᠢᠷᠢ ᠶᠢᠨ ᠪᠠᠶᠢᠳᠠᠯ ᠳᠤ ᠵᠣᠬᠢᠬᠤ ᠣᠶᠢᠯᠠᠭᠠᠯᠲᠠ ᠲᠠᠢ ᠪᠠᠶᠢᠬᠤ ᠬᠡᠷᠡᠭᠲᠡᠢ᠂ ᠤᠷᠢᠳᠠᠪᠡᠷ ᠲᠣᠣᠷ ᠰᠦᠯᠵᠢᠶ᠎ᠡ ᠠᠴᠠ ᠡᠷᠢᠬᠦ ᠪᠣᠶᠤ ᠬᠠᠮᠢᠶ᠎ᠠ ᠪᠦᠬᠦᠢ ᠤᠶᠢᠯᠡᠴᠢᠯᠡᠭᠡᠨ ᠤ ᠲᠦᠪ ᠠᠴᠠ ᠠᠰᠠᠭᠤᠨ ᠰᠤᠷᠠᠵᠤ᠂ ᠳᠣᠲᠤᠷ᠎ᠠ ᠪᠠᠨ ᠲᠤᠭ᠎ᠠ ᠲᠠᠢ ᠪᠠᠶᠢᠵᠤ᠂ ᠬᠤᠭᠤᠰᠤᠨ ᠪᠣᠴᠠᠬᠤ ᠠᠴᠠ ᠵᠠᠶᠢᠯᠠᠰᠬᠢᠨ᠎ᠡ᠃         ᠦᠵᠡᠭᠳᠡᠯ  ᠭᠤᠷᠪᠠ᠄ ︽ ᠸᠢᠴᠠᠲ᠂ ᠪᠢᠴᠢᠯ ᠪᠦᠷᠭᠡ ᠳᠤ ᠬᠦᠮᠦᠨ ᠡᠯᠰᠡᠬᠦ︾᠎ ᠶᠢᠨ ᠮᠡᠭᠡ ᠣᠯᠠᠨ         ᠣᠳᠤᠬᠠᠨ᠂ ᠣᠯᠠᠨ ᠲᠣᠭᠠᠨ ᠤ ᠠᠵᠦ ᠠᠬᠤᠶᠢᠯᠠᠯ ᠤᠨ ᠴᠢᠳᠠᠪᠤᠷᠢᠲᠠᠨ ᠡᠯᠰᠡᠬᠦ ᠨᠢ ᠸᠢᠴᠠᠲ᠂ ᠪᠢᠴᠢᠯ ᠪᠦᠷᠭᠡ ᠵᠡᠷᠭᠡ ᠰᠢᠯᠵᠢᠮᠡᠯ ᠨᠡᠶᠢᠭᠡᠮ ᠤᠨ ᠬᠠᠷᠢᠯᠴᠠᠭᠠᠨ ᠤ ᠵᠦᠭᠡᠯᠡᠨ ᠲᠣᠨᠤᠭ ᠤᠨ  ︽ᠬᠤᠷᠳᠤᠨ ᠲᠡᠷᠭᠡ︾᠎ ᠪᠠᠷ ᠳᠠᠮᠵᠢᠭᠤᠯᠵᠤ᠂ ᠠᠵᠢᠯ ᠡᠷᠢᠭᠰᠡᠳ ᠵᠦᠪᠬᠡᠨ ︽ ᠰᠢᠷᠪᠢᠮᠡᠭᠴᠡ︾ ᠠᠵᠢᠯ ᠤᠨ ᠪᠠᠶᠢᠷᠢ ᠶᠢᠨ ᠪᠣᠳᠠᠳᠤ ᠰᠤᠷᠠᠭ ᠵᠠᠩᠭᠢ ᠶᠢ ᠣᠯᠵᠤ ᠦᠵᠡᠵᠦ ᠳᠡᠶᠢᠯᠤᠨ᠎ᠡ᠃ ᠭᠡᠪᠡᠴᠦ ᠨᠡᠶᠢᠲᠡᠯᠡᠭᠰᠡᠨ ᠱᠠᠭᠠᠷᠳᠠᠯᠭ᠎ᠠ ᠳᠣᠣᠷ᠎ᠠ᠂ ᠬᠠᠥᠯᠢ ᠪᠣᠰᠤ ᠡᠲᠡᠭᠡᠳ ᠠᠴᠠ ᠺᠣᠮᠫᠠᠨᠢ ᠶᠢᠨ ᠸᠢᠴᠠᠲ ᠤᠨ ᠨᠡᠶᠢᠲᠡ ᠶᠢᠨ ᠨᠣᠮᠧᠷ ᠢ ᠬᠤᠯᠠᠭᠠᠶᠢᠯᠠᠵᠤ ᠬᠠᠭᠤᠷᠮᠠᠭᠯᠠᠨ ᠮᠡᠬᠡᠯᠡᠭᠰᠡᠨ ᠵᠠᠷ ᠮᠡᠳᠡᠭᠡ ᠨᠡᠶᠢᠲᠡᠯᠡᠬᠦ ᠠᠴᠠ ᠬᠢᠴᠢᠶᠡᠭᠡᠷᠡᠢ︕         ᠰᠠᠨᠠᠭᠤᠯᠤᠮᠵᠢ᠄ ᠤᠷᠢᠳᠠᠪᠠᠷ ᠪᠠᠶᠢᠭᠤᠯᠤᠯᠭ᠎ᠠ ᠶᠢᠨ ᠨᠡᠶᠢᠲᠡᠯᠡᠭᠰᠡᠨ ᠰᠤᠷᠠᠭ ᠵᠠᠩᠭᠢ ᠶᠢᠨ ᠦᠨᠡᠨ ᠡᠰᠡᠬᠦ ᠶᠢ ᠲᠣᠳᠤᠯᠠᠵᠤ᠂ ᠸᠢᠴᠠᠲ ᠤᠨ ᠨᠣᠮᠧᠷ ᠤᠨ ᠦᠨᠡᠨ ᠬᠠᠭᠤᠷᠮᠠᠭ ᠢ ᠲᠣᠳᠤᠯᠠᠬᠤ ᠬᠡᠷᠡᠭᠲᠡᠢ᠃ ᠠᠵᠢᠯ ᠡᠷᠢᠬᠦ ᠳᠤ᠂ ᠪᠢᠴᠢᠯ ᠪᠦᠷᠭᠡ᠂ ᠸᠢᠴᠠᠲ ᠵᠡᠷᠭᠡ ᠲᠠᠪᠴᠠᠩ ᠳᠤ ᠪᠠᠩᠭᠢ ᠶᠢᠨ ᠺᠠᠷᠲ ᠤᠨ ᠨᠣᠮᠧᠷ ᠵᠡᠷᠭᠡ ᠬᠤᠪᠢ ᠬᠦᠮᠦᠨ ᠤ ᠴᠢᠬᠤᠯᠠ ᠰᠤᠷᠠᠭ ᠵᠠᠩᠭᠢ ᠪᠠᠨ ᠬᠠᠩᠭᠠᠵᠤ ᠦᠭᠴᠦ ᠪᠣᠯᠬᠤ ᠦᠭᠡᠢ᠃ ᠪᠣᠲᠠᠲᠠᠢ ᠠᠵᠢᠯ ᠤᠨ ᠪᠠᠶᠢᠷᠢ ᠪᠠᠨ ᠬᠠᠩᠭᠠᠭᠰᠠᠨ ᠦᠭᠡᠢ᠂ ᠬᠠᠷᠢᠨ ᠦᠨᠳᠤᠷ ᠴᠠᠯᠢᠩ ᠬᠦᠯᠤᠰᠤ ᠦᠭᠬᠦ ᠠᠮᠠᠯᠠᠯᠲᠠ ᠲᠠᠢ ᠸᠢᠴᠠᠲ ᠤᠨ ᠴᠢᠳᠠᠪᠤᠷᠢᠲᠠᠨ ᠡᠯᠰᠡᠬᠦ ᠰᠤᠷᠠᠭ ᠵᠠᠩᠭᠢ ᠶᠢ ᠣᠯᠵᠤ ᠬᠠᠷᠠᠪᠠᠯ ᠰᠣᠨᠤᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠢ᠃          ᠦᠵᠡᠭᠳᠡᠯ ᠳᠥᠷᠪᠡ᠄ ︽ᠲᠣᠷᠰᠢᠨ ᠬᠡᠷᠡᠭᠯᠡᠬᠦ ᠬᠤᠭᠤᠴᠠᠭ᠎ᠠ︾᠎ ᠨᠢ ᠤᠷᠲᠤ         ᠵᠠᠷᠢᠮ ᠬᠦᠮᠦᠨ ᠬᠡᠷᠡᠭᠯᠡᠬᠦ ᠪᠠᠶᠢᠭᠤᠯᠤᠯᠭ᠎ᠠ ᠬᠦᠮᠦᠨ ᠬᠡᠷᠡᠭᠯᠡᠬᠦ ᠦᠪᠡᠷ ᠤᠨ ᠦᠷᠳᠡᠭ ᠢᠶᠠᠨ ᠪᠠᠭᠠᠰᠬᠠᠬᠤ ᠶᠢᠨ ᠲᠦᠯᠦᠭᠡ᠂ ᠵᠣᠷᠢᠭᠤᠳᠠ ᠲᠣᠷᠰᠢᠨ ᠬᠡᠷᠡᠭᠯᠡᠬᠦ ᠬᠤᠭᠤᠴᠠᠭ᠎ᠠ ᠪᠠᠨ ᠤᠷᠳᠤᠳᠬᠠᠵᠤ᠂ ᠠᠯᠪᠠᠨ ᠵᠢᠷᠤᠮ ᠤᠨ ᠬᠦᠳᠡᠯᠮᠤᠷᠢ ᠶᠢ ᠵᠠᠪᠰᠢᠵᠤ ᠪᠣᠢ᠃ ᠲᠡᠭᠡᠬᠦ ᠮᠦᠷᠲᠡᠭᠡᠨ  ︽ᠲᠣᠷᠰᠢᠨ ᠬᠡᠷᠡᠭᠯᠡᠬᠦ ᠬᠤᠭᠤᠴᠠᠭᠠᠨ ᠳᠤ ᠨᠡᠶᠢᠭᠡᠮ ᠤᠨ ᠲᠠᠭᠠᠳᠬᠠᠯ ᠤᠨ ᠮᠦᠩᠭᠦ︾ ᠲᠤᠰᠢᠶᠠᠬᠤ ᠦᠭᠡᠢ ᠵᠡᠷᠭᠡ ᠰᠢᠯᠲᠠᠭᠠᠨ ᠢᠶᠠᠷ᠂ ᠠᠵᠢᠯ ᠡᠷᠢᠭᠰᠡᠳ ᠠᠴᠠ ᠨᠡᠶᠢᠭᠡᠮ ᠤᠨ ᠳᠠᠭᠠᠳᠬᠠᠯ ᠤᠨ ᠭᠠᠷ ᠭᠦᠢᠴᠡᠳᠭᠡᠯ ᠬᠢᠬᠦ ᠶᠢ ᠲᠡᠪᠴᠢᠨ᠎ᠡ᠃         ᠰᠠᠨᠠᠭᠤᠯᠤᠮᠵᠢ᠄ ᠬᠦᠳᠡᠯᠮᠦᠷᠢᠴᠢᠨ ᠠᠳᠠᠯᠢ ᠨᠢᠭᠡ ᠠᠵᠢᠯ ᠤᠶᠢᠯᠡᠰ ᠤᠨ ᠪᠠᠶᠢᠭᠤᠯᠤᠯᠭ᠎ᠠ ᠳᠤ ᠨᠢᠭᠡᠯᠡ ᠤᠳᠠᠭᠠᠨ ᠤ ᠲᠣᠷᠰᠢᠨ ᠬᠡᠷᠡᠭᠯᠡᠬᠦ ᠬᠤᠭᠤᠴᠠᠭ᠎ᠠ ᠲᠠᠢ ᠪᠠᠶᠢᠵᠤ᠂ ᠬᠠᠭᠠᠰ ᠵᠢᠯ ᠤᠨ ᠬᠤᠭᠤᠴᠠᠭ᠎ᠠ ᠠᠴᠠ ᠳᠠᠪᠠᠵᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠪᠠᠶᠢᠭᠤᠯᠤᠯᠭ᠎ᠠ ᠠᠴᠠ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠨ᠂ ᠠᠵᠢᠯᠴᠢᠨ ᠲᠠᠢ ᠪᠣᠳᠠᠲᠤ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠨᠢᠭᠡ ᠰᠠᠷ᠎ᠠ ᠶᠢᠨ ᠳᠣᠲᠤᠷ᠎ᠠ ᠪᠢᠴᠢᠭ ᠤᠨ ᠬᠡᠯᠪᠡᠷᠢ ᠶᠢᠨ ᠬᠦᠳᠡᠯᠮᠤᠷᠢ ᠶᠢᠨ ᠭᠡᠷ᠎ᠡ ᠲᠣᠭᠲᠠᠬᠤ ᠬᠡᠷᠡᠭᠲᠡᠢ᠂ ᠡᠰᠡᠪᠡᠯ ᠬᠤᠶᠠᠳᠤᠭᠠᠷ ᠰᠠᠷ᠎ᠠ ᠠᠴᠠ ᠨᠢ ᠡᠬᠢᠯᠡᠨ᠂ ᠬᠦᠮᠦᠨ ᠬᠡᠷᠡᠭᠯᠡᠬᠦ ᠪᠠᠶᠢᠭᠤᠯᠤᠯᠭ᠎ᠠ ᠠᠴᠠ ᠨᠢᠭᠡ ᠳᠠᠬᠢᠨ ᠴᠠᠯᠢᠩ ᠣᠯᠭᠤᠬᠤ ᠬᠡᠷᠡᠭᠲᠡᠢ᠃ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠮᠠᠭᠳᠠᠴᠠ᠂ ᠬᠦᠮᠦᠨ ᠬᠡᠷᠡᠭᠯᠡᠬᠦ ᠪᠠᠶᠢᠭᠤᠯᠤᠯᠭ᠎ᠠ ᠠᠴᠠ ᠬᠠᠥᠯᠢ ᠶᠢ ᠦᠨᠳᠤᠰᠤᠯᠡᠵᠦ᠂ ᠠᠵᠢᠯᠴᠢᠨ ᠳᠤ ᠨᠡᠶᠢᠭᠡᠮ ᠤᠨ ᠳᠠᠭᠠᠳᠬᠠᠯ ᠲᠤᠰᠢᠶᠠᠵᠤ ᠦᠭᠬᠦ ᠬᠡᠷᠡᠭᠲᠡᠢ᠃  
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ ᠠᠴᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号