︽13.5︾ ᠬᠦᠭᠵᠢᠯᠲᠡ ᠶᠢᠨ ᠶᠡᠷᠤᠩᠭᠡᠢ ᠬᠠᠷᠠᠯᠲᠠ
ᠨᠡᠶᠢᠲᠡᠯᠡᠭᠰᠡᠨ ᠴᠠᠭ᠄
2016/8/4
       ᠪᠡᠯᠴᠢᠭᠡᠷ ᠤᠨ ᠮᠠᠯ ᠠᠵᠦ ᠠᠬᠤᠢ ᠶᠢ ᠰᠢᠯᠢᠳᠡᠭᠵᠢᠭᠦᠯᠦᠨ᠂ ᠲᠠᠷᠢᠶᠠᠯᠠᠬᠤ ᠣᠷᠤᠨ ᠤ ᠮᠠᠯ ᠠᠵᠦ ᠠᠬᠤᠢ ᠶᠢ ᠬᠦᠴᠤᠷᠭᠡᠭᠵᠢᠭᠦᠯᠵᠦ᠂ ᠪᠠᠷᠢᠮᠵᠢᠶᠠᠵᠢᠭᠤᠯᠤᠨ ᠲᠡᠵᠢᠭᠡᠬᠦ ᠲᠦᠪᠰᠢᠨ ᠢ ᠶᠡᠬᠡᠪᠡᠷ ᠳᠡᠭᠡᠭᠰᠢᠯᠡᠭᠦᠯᠦᠨ᠂ ᠮᠠᠯᠵᠢᠬᠤ ᠣᠷᠤᠨ  ᠤ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠠᠷᠢᠶᠠᠯᠠᠬᠤ ᠣᠷᠤᠨ ᠤ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠤᠭᠡᠨ ᠪᠠᠶᠢᠭᠤᠯᠤᠯᠲᠠ ᠶᠢ ᠳᠠᠮᠵᠢᠵᠤ᠂ ᠪᠡᠯᠴᠢᠭᠡᠷ ᠤᠨ ᠮᠠᠯ ᠵᠢᠭᠦᠷᠲᠡᠨ ᠤ ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠂ ᠮᠢᠬᠠᠨ ᠤ ᠦᠬᠡᠷ᠂ ᠮᠢᠬᠠᠨ ᠤ ᠬᠤᠨᠢ᠂ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠪᠠᠷᠢᠮᠵᠢᠶᠠᠵᠢᠭᠤᠯᠵᠤ ᠲᠡᠵᠢᠭᠡᠬᠦ ᠨᠣᠷᠮ᠎ᠠ ᠶᠢ ᠲᠤᠰᠪᠤᠷᠢ 60% ᠪᠠ 80%  ᠂ 100% ᠳᠤ ᠬᠦᠷᠭᠡᠨ᠎ᠡ᠃ ᠮᠠᠯ ᠠᠵᠦ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠠᠭᠤᠷᠢ ᠡᠬᠡ ᠮᠠᠯ ᠤᠨ ᠲᠤᠭ᠎ᠠ ᠪᠠ ᠪᠣᠳᠠᠭᠠᠯᠢ ᠴᠣᠭᠴᠠ ᠶᠢᠨ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠦᠵᠦᠭᠦᠷ ᠳᠡᠰ ᠤᠨ ᠮᠠᠯ ᠤᠨ ᠠᠰᠢᠭ ᠰᠢᠮ᠎ᠡ ᠶᠢ ᠬᠦᠭᠵᠢᠭᠦᠯᠬᠦ ᠶᠢ ᠳᠡᠮᠵᠢᠨ᠎ᠡ᠃ ᠲᠡᠷᠢᠭᠦᠨ ᠤ ᠲᠣᠬᠢᠷᠠᠮᠵᠢᠲᠠᠢ ᠡᠵᠡᠩᠨᠡᠯᠲᠡ ᠬᠠᠮᠢᠶᠠᠷᠤᠯᠲᠠ  ᠶᠢᠨ ᠵᠠᠭᠪᠤᠷ ᠢ ᠰᠣᠳᠤᠯᠤᠨ ᠳᠡᠯᠭᠡᠷᠡᠭᠦᠯᠵᠦ᠂ ᠮᠠᠯ ᠠᠵᠤ ᠠᠬᠤᠢ ᠶᠢᠨ  ᠶᠡᠷᠤᠩᠬᠡᠶᠢᠯᠡᠭᠰᠡᠨ ᠤᠶᠢᠯᠡᠳᠪᠤᠷᠢᠯᠡᠯ ᠤᠨ ᠬᠦᠴᠤᠨ ᠢ ᠴᠢᠩᠭᠠᠷᠠᠭᠤᠯᠤᠨ᠎ᠠ᠃ 2020 ᠣᠨ ᠪᠣᠯᠲᠠᠯ᠎ᠠ᠂ ᠪᠦᠬᠦ ᠣᠷᠤᠨ ᠤ ᠮᠠᠯ ᠤᠨ ᠲᠤᠭ᠎ᠠ ᠶᠢ 1.3 ᠳ᠋ᠦᠩᠰᠢᠭᠤᠷ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ 280 ᠲᠦᠮᠡᠨ ᠲᠤᠨ ᠮᠢᠬ᠎ᠠ ᠤᠶᠢᠯᠡᠳᠪᠦᠷᠢᠯᠡᠭᠦ ᠴᠢᠳᠠᠪᠤᠷᠢ ᠶᠢ ᠪᠦᠷᠢᠯᠳᠤᠭᠦᠯᠦᠨ᠎ᠡ᠃ ︽ᠢᠳᠡᠰᠢᠨ ᠨᠣᠭᠤᠭ᠎ᠠ ᠶᠢᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠲᠦᠭᠦᠭᠡᠷᠤᠮᠵᠢᠲᠤ ᠢᠳᠡᠰᠢᠨ ᠨᠣᠭᠤᠭ᠎ᠠ ᠪᠠ ᠣᠨᠴᠠᠯᠢᠭᠲᠤ ᠢᠳᠡᠰᠢᠨ ᠨᠣᠭᠤᠭ᠎ᠠ ᠶᠢᠨ ᠰᠠᠭᠤᠷᠢᠨ ᠢ ᠪᠦᠲᠤᠭᠡᠨ ᠪᠠᠶᠢᠭᠤᠯᠵᠤ᠂ ᠬᠠᠩᠭᠠᠯᠭ᠎ᠠ ᠶᠢᠨ ᠪᠠᠲᠤᠯᠠᠪᠤᠷᠢ ᠪᠠ ᠶᠠᠰᠤ ᠴᠢᠨᠠᠷ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯ ᠠᠵᠦ ᠠᠬᠤᠢ ᠲᠠᠷᠢᠶᠠᠯᠠᠩ ᠤᠨ ᠴᠢᠳᠠᠮᠵᠢ  ᠪᠠ ᠠᠵᠦ ᠤᠶᠢᠯᠡᠰ ᠤᠨ ᠬᠡᠯᠬᠢᠶᠡᠵᠢᠯ ᠢ ᠤᠷᠳᠤᠰᠬᠠᠨ᠂ ᠪᠠᠶᠠᠨᠨᠠᠭᠤᠷ᠂ ᠬᠦᠯᠤᠨ ᠪᠣᠶᠢᠷ᠂ ᠬᠢᠩᠭᠠᠨ᠂ ᠲᠦᠩᠯᠢᠶᠣᠣ᠂ ᠤᠯᠠᠭᠠᠨᠬᠠᠳᠠ᠂ ᠤᠯᠠᠭᠠᠨᠴᠠᠪ᠂ ᠣᠷᠳᠤᠰ᠂ ᠰᠢᠯᠢ ᠶᠢᠨ ᠭᠤᠣᠯ ᠵᠡᠷᠭᠡ ᠭᠠᠵᠠᠷ ᠣᠷᠤᠨ ᠤ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠤᠭᠡᠭᠳᠡᠭᠦᠨ ᠢ ᠭᠠᠳᠠᠭᠰᠢ ᠭᠠᠷᠭᠠᠬᠤ ᠰᠠᠭᠤᠷᠢᠨ ᠢ ᠪᠦᠲᠤᠭᠡᠨ ᠪᠠᠶᠢᠭᠤᠯᠬᠤ ᠶᠢ ᠳᠡᠮᠵᠢᠨ᠎ᠡ᠃                               ᠦᠪᠤᠷ ᠮᠣᠩᠭᠤᠯ ᠤᠨ ᠡᠳᠦᠷ ᠤᠨ ᠰᠣᠨᠢᠨ ᠠᠴᠠ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号