ᠣᠶᠢᠷ᠎ᠠ ᠶᠢᠨ ᠡᠳᠦᠷ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠲᠦᠷᠤ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠬᠠᠥᠯᠢ ᠴᠠᠭᠠᠵᠠ ᠶᠢᠨ ᠠᠵᠢᠯᠲᠠᠨ ᠤ ᠬᠠᠥᠯᠢ ᠶᠣᠰᠤᠭᠠᠷ ᠡᠭᠦᠷᠭᠡ ᠲᠤᠰᠢᠶᠠᠯ ᠢᠶᠠᠨ | ᠭᠦᠢᠴᠡᠳᠭᠡᠬᠦ ᠶᠢ ᠬᠠᠮᠠᠭᠠᠯᠠᠬᠤ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ᠃ ᠲᠣᠭᠲᠠᠭᠠᠯ ᠨᠢ ᠨᠡᠶᠢᠲᠡ 27 ᠵᠤᠶᠢᠯ | ᠪᠠᠶᠢᠵᠤ᠂ ᠬᠠᠥᠯᠢ ᠴᠠᠭᠠᠵᠠ ᠶᠢᠨ ᠠᠵᠢᠯᠲᠠᠨ ᠤ ᠡᠯ᠎ᠡ ᠲᠦᠷᠤᠯ ᠤᠨ ᠡᠷᠬᠡ ᠠᠰᠢᠭ ᠤᠨ ᠪᠠᠲᠤᠯᠠᠪᠤᠷᠢ ᠶᠢᠨ | ᠲᠣᠭᠲᠠᠴᠠ ᠶᠢ ᠨᠠᠷᠢᠯᠢᠭᠵᠢᠭᠤᠯᠵᠤ᠂ ᠬᠠᠥᠯᠢ ᠴᠠᠭᠠᠵᠠ ᠶᠢᠨ ᠲᠣᠬᠠᠶᠢᠯᠠᠭᠰᠠᠨ ᠠᠵᠢᠯ ᠤᠨ ᠪᠠᠲᠤᠯᠠᠪᠤᠷᠢ ᠶᠢᠨ | ᠬᠡᠪᠴᠢᠶ᠎ᠡ ᠶᠢ ᠦᠷᠭᠡᠵᠢᠭᠦᠯᠦᠭᠰᠡᠨ ᠪᠠᠶᠢᠨ᠎ᠠ᠃ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ ᠤ ᠬᠠᠥᠯᠢ | ᠶᠣᠰᠤᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠪᠠᠲᠤᠯᠠᠭᠰᠠᠨ ᠠᠩᠬᠠᠳᠠᠭᠴᠢ ᠬᠦᠲᠤᠯᠪᠤᠷᠢ ᠶᠢᠨ ᠴᠢᠨᠠᠷᠲᠠᠢ | ᠪᠢᠴᠢᠭ ᠮᠠᠲ᠋ᠧᠷᠢᠶᠠᠯ ᠪᠣᠯᠤᠨ᠎ᠠ᠃ | ᠬᠠᠷᠢᠭᠤᠴᠠᠯᠭ᠎ᠠ ᠨᠡᠬᠡᠮᠵᠢᠯᠡᠬᠦ ᠶᠢ ᠳᠦᠷᠢᠮᠵᠢᠭᠦᠯᠬᠦ ᠲᠠᠯ᠎ᠠ ᠪᠠᠷ ︽ᠲᠣᠭᠲᠠᠭᠠᠯ︾ ᠳᠤ ᠬᠠᠷᠢᠭᠤᠴᠠᠯᠭ᠎ᠠ ᠶᠢ | ᠣᠨᠤᠪᠴᠢᠲᠠᠢ ᠨᠡᠬᠡᠮᠵᠢᠯᠡᠬᠦ ᠪᠣᠯᠤᠨ ᠴᠢᠬᠤᠯᠠ ᠪᠦᠭᠦᠢ ᠬᠠᠮᠠᠭᠠᠯᠠᠯᠲᠠ ᠶᠢ ᠬᠠᠷᠢᠯᠴᠠᠨ ᠨᠢᠭᠡᠳᠭᠡᠬᠦ ᠶᠢ ᠴᠢᠬᠤᠯᠴᠢᠯᠠᠵᠦ᠂ | ᠭᠤᠷᠪᠠᠨ ᠲᠠᠯ᠎ᠠ ᠪᠠᠷ ᠲᠣᠭᠲᠠᠭᠠᠯ ᠭᠠᠷᠭᠠᠪᠠ᠃ ᠨᠢᠭᠡ ᠳᠤ ᠪᠣᠷᠤᠭᠤ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ | ᠪᠠᠷᠢᠮᠵᠢᠶ᠎ᠠ ᠶᠢ ᠲᠣᠭᠲᠠᠭᠠᠪᠠ᠃ ᠬᠤᠶᠠᠷ ᠲᠤ ᠬᠠᠷᠢᠭᠤᠴᠠᠯᠭ᠎ᠠ ᠨᠡᠬᠡᠮᠵᠢᠯᠡᠬᠦ ᠳᠡᠰ ᠳᠠᠷᠠᠭᠠᠯᠠᠯ ᠢ ᠵᠢᠷᠤᠮᠵᠢᠭᠤᠯᠪᠠ᠃ | ᠭᠤᠷᠪᠠ ᠳᠤ ᠬᠠᠭᠤᠷᠮᠠᠭ ᠢᠯᠡᠴᠢᠯᠡᠨ ᠵᠠᠭᠠᠯᠳᠤᠯᠭ᠎ᠠ ᠶᠢ ᠴᠡᠪᠡᠷᠯᠡᠵᠦ᠂ ᠴᠢᠨᠠᠭᠰᠢᠲᠠ ᠶᠢᠨ ᠶᠠᠪᠤᠳᠠᠯ ᠢ ᠰᠢᠢᠳᠪᠤᠷᠢᠯᠡᠬᠦ | ᠲᠣᠭᠲᠠᠴᠠ ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ︽ᠲᠣᠭᠲᠠᠭᠠᠯ︾ ᠳᠤ ᠪᠠᠰᠠ ᠰᠢᠭᠦᠬᠦ ᠲᠤᠰᠢᠶᠠᠯᠲᠠᠨ᠂ | ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠤᠷᠢᠯᠡᠬᠦ ᠴᠢᠨᠠᠷ ᠢ ᠬᠡᠷᠬᠢᠨ ᠬᠢᠨᠠᠨ ᠰᠢᠯᠭᠠᠬᠤ᠂ ᠠᠵᠢᠯ ᠤᠨ ᠦᠷ᠎ᠡ | ᠪᠦᠲᠤᠮᠵᠢ ᠶᠢ ᠬᠡᠷᠬᠢᠨ ᠦᠨᠡᠯᠡᠬᠦ ᠲᠣᠬᠠᠢ ᠲᠣᠭᠲᠠᠭᠠᠯ ᠢ ᠭᠠᠷᠭᠠᠵᠤ᠂ ᠬᠠᠥᠯᠢ ᠪᠠᠷ ᠲᠣᠭᠲᠠᠭᠠᠭᠰᠠᠨ ᠡᠭᠦᠷᠭᠡ | ᠲᠤᠰᠢᠶᠠᠯ ᠪᠠ ᠲᠣᠬᠠᠶᠢᠯᠠᠭᠰᠠᠨ ᠠᠵᠢᠯ ᠤᠨ ᠶᠣᠰᠣ ᠰᠤᠷᠲᠠᠬᠤᠨ ᠤ ᠱᠠᠭᠠᠷᠳᠠᠯᠭ᠎ᠠ ᠠᠴᠠ ᠳᠠᠪᠠᠵᠤ ᠪᠣᠯᠬᠤ ᠦᠭᠡᠢ | ᠭᠡᠵᠦ ᠱᠠᠭᠠᠷᠳᠠᠪᠠ᠃ | | | ᠤᠯᠠᠭᠠᠨᠬᠠᠳᠠ ᠶᠢᠨ ᠡᠳᠦᠷ ᠤᠨ ᠰᠣᠨᠢᠨ ᠠᠴᠠ |