ᠦᠬᠡᠷ ᠤᠨ ᠭᠡᠮᠨᠡᠬᠦ ᠶᠢ ᠪᠠᠭᠠᠰᠬᠠᠬᠤ ᠳᠦᠷᠪᠡᠨ ᠠᠷᠭ᠎ᠠ
ᠨᠡᠶᠢᠲᠡᠯᠡᠭᠰᠡᠨ ᠴᠠᠭ᠄
2016/8/8
     ᠬᠢᠵᠢᠭ ᠪᠠᠶᠢᠴᠠᠭᠠᠬᠤ ᠲᠦᠭᠦᠭᠡᠷᠤᠮᠵᠢ ᠶᠢ ᠲᠤᠰᠠᠭᠠᠷᠯᠠᠬᠤ ᠲᠤᠰᠠᠭᠠᠷᠯᠠᠵᠤ ᠵᠣᠬᠢᠴᠠᠭᠤᠯᠬᠤ ᠬᠠᠰᠢᠶ᠎ᠠ ᠶᠢ ᠡᠷᠬᠡᠪᠰᠢ ᠦᠬᠡᠷ ᠤᠨ ᠬᠠᠰᠢᠶ᠎ᠠ ᠠᠴᠠ ᠨᠡᠯᠢᠶᠡᠳ ᠵᠠᠶᠢᠲᠠᠢ ᠭᠠᠵᠠᠷ ᠪᠠᠶᠢᠭᠤᠯᠵᠤ᠂ ᠠᠯᠠᠰᠢᠨ‌ᠦᠬᠡᠷ ᠤᠨ ᠬᠠᠰᠢᠶ᠎ᠠ ᠶᠢᠨ ᠶᠡᠭᠡ ᠪᠠᠭ᠎ᠠ ᠶᠢ ᠦᠬᠡᠷ ᠢ ᠲᠡᠵᠢᠭᠡᠬᠦ ᠬᠡᠪᠴᠢᠶ᠎ᠡ᠂ ᠰᠢᠨᠡᠳᠭᠡᠮᠵᠢ ᠪᠣᠯᠤᠨ ᠲᠤᠰᠠᠭᠠᠷᠯᠠᠵᠤ ᠲᠡᠵᠢᠭᠡᠬᠦ ᠴᠠᠭ ᠤᠨ ᠤᠷᠲᠤ ᠣᠬᠤᠷ ᠢ ᠦᠨᠳᠤᠰᠤᠯᠡᠨ ᠲᠣᠭᠲᠠᠭᠠᠨ᠎ᠠ᠃ ᠠᠯᠠᠰᠢᠨ ᠦᠬᠡᠷ ᠤᠨ ᠲᠠᠯᠠᠪᠠᠢ ᠶᠢᠨ ᠵᠢᠯ ᠪᠦᠷᠢ ᠶᠢᠨ ᠡᠮ᠎ᠡ ᠦᠬᠡᠷ ᠤᠨ ᠰᠢᠨᠡᠳᠭᠡᠮᠵᠢ ᠨᠢ 35℅— 40℅ ᠬᠦᠷᠳᠡᠭ ᠠᠴᠠ ᠠᠯᠠᠰᠢᠨ ᠦᠬᠡᠷ ᠢ ᠰᠠᠨᠠᠭ᠎ᠠ ᠲᠠᠪᠠ ᠪᠠᠷ ᠢᠶᠠᠨ ᠣᠷᠤᠭᠤᠯᠤᠨ ᠠᠪᠴᠢᠷᠠᠪᠠᠯ ᠯᠣᠳᠤ ᠶᠡᠭᠡ ᠬᠢᠵᠢᠭ ᠤᠨ ᠠᠶᠤᠯ ᠢ ᠠᠪᠴᠢᠷᠠᠬᠤ  ᠶᠤᠮ᠃      ᠠᠯᠠᠰᠢᠨ ᠦᠬᠡᠷ ᠲᠡᠵᠢᠭᠡᠬᠦ ᠲᠠᠯᠠᠪᠠᠢ ᠶᠢᠨ ᠣᠷᠤᠭᠤᠯᠵᠤ ᠭᠠᠷᠭᠠᠬᠤ ᠡᠭᠦᠳᠡ ᠶᠢᠨ ᠬᠠᠮᠢᠶᠠᠷᠤᠯᠲᠠ ᠶᠢ ᠴᠢᠩᠭᠠᠳᠬᠠᠬᠤ ᠦᠬᠡᠷ ᠢ ᠨᠢᠳᠤᠯᠠᠬᠤ ᠲᠠᠶᠢᠰᠠ ᠪᠣᠯ ᠭᠡᠮ ᠤᠨ ᠡᠭᠦᠰᠪᠤᠷᠢ ᠦᠬᠡᠷ ᠲᠡᠵᠢᠭᠡᠬᠦ ᠲᠠᠯᠠᠪᠠᠢ ᠳᠤ ᠬᠠᠯᠳᠠᠪᠤᠷᠢᠯᠠᠨ ᠣᠷᠤᠬᠤ ᠬᠠᠮᠤᠭ ᠤᠨ ᠶᠡᠭᠡ ᠵᠠᠮ ᠪᠣᠯᠤᠨ᠎ᠠ  ᠂ ᠠᠯᠠᠰᠢᠨ ᠦᠬᠡᠷ ᠢ ᠨᠢᠳᠤᠯᠠᠬᠤ ᠲᠠᠶᠢᠰᠠ ᠨᠢ ᠪᠣᠵᠠᠷ ᠲᠤᠯᠠ ᠵᠠᠪᠠᠯ ᠠᠯᠠᠰᠢᠨ ᠦᠬᠡᠷ ᠲᠡᠵᠢᠭᠡᠬᠦ ᠲᠠᠯᠠᠪᠠᠢ ᠶᠢᠨ ᠭᠠᠳᠠᠨ᠎ᠠ ᠮᠦᠷᠲᠡᠭᠡᠨ ᠠᠯᠢ ᠴᠢᠳᠠᠬᠤ ᠪᠠᠷ ᠵᠠᠶᠢᠲᠠᠢ  ᠰᠢᠭ᠋ ᠭᠠᠵᠠᠷ ᠲᠤ ᠲᠣᠬᠢᠷᠠᠭᠤᠯᠵᠤ᠂ ᠠᠯᠠᠰᠢᠨ ᠦᠬᠡᠷ ᠨᠢᠳᠤᠯᠠᠬᠤ ᠲᠠᠶᠢᠰᠠ ᠶᠢ ᠤᠬᠢᠶᠠᠭᠰᠠᠨ ᠪᠣᠵᠠᠷ ᠤᠰᠤ ᠶᠢᠨ ᠲᠡᠵᠢᠭᠡᠬᠦ ᠲᠠᠯᠠᠪᠠᠢ ᠲᠡᠰᠢ ᠤᠷᠤᠰᠤᠨ ᠣᠷᠤᠬᠤ ᠠᠴᠠ ᠬᠢᠴᠢᠶᠡᠨ᠎ᠡ᠃ ᠪᠣᠷᠳᠤᠭ᠎ᠠ ᠵᠦᠭᠡᠭᠡᠪᠦᠷᠢᠯᠡᠬᠦ ᠮᠠᠰᠢᠨ ᠢ ᠰᠢᠭᠤᠳ ᠲᠡᠵᠢᠭᠡᠬᠦ ᠣᠷᠤᠨ ᠳᠤ ᠣᠷᠤᠬᠤ ᠠᠴᠠ ᠵᠠᠶᠢᠯᠠᠰᠬᠢᠬᠦ ᠶᠢᠨ ᠲᠦᠯᠦᠭᠡ᠂ ᠪᠣᠷᠳᠤᠭ᠎ᠠ ᠶᠢᠨ ᠬᠦᠮᠦᠷᠭᠡ ᠶᠢᠨ ᠡᠭᠦᠳᠡ ᠶᠢ ᠲᠡᠵᠢᠭᠡᠬᠦ ᠲᠠᠯᠠᠪᠠᠢ ᠲᠡᠰᠢ ᠬᠠᠨᠳᠤᠭᠤᠯᠤᠨ ᠲᠦᠯᠦᠪᠯᠡᠨ᠎ᠡ᠃ ᠲᠡᠵᠢᠭᠡᠬᠦ ᠲᠠᠯᠠᠪᠠᠢ ᠳᠤ ᠣᠷᠤᠵᠤ ᠭᠠᠷᠤᠬᠤ ᠬᠦᠮᠤᠰ ᠲᠤ ᠤᠬᠢᠶᠠᠯᠭ᠎ᠠ ᠶᠢᠨ ᠲᠠᠰᠤᠭ  ᠢ ᠲᠦᠯᠦᠪᠯᠡᠨ ᠪᠠᠶᠢᠭᠤᠯᠵᠤ᠂ ᠤᠬᠢᠶᠠᠯᠭ᠎ᠠ ᠶᠢᠨ ᠲᠠᠰᠤᠭ ᠤᠨ ᠪᠣᠵᠠᠷ ᠤᠰᠤᠨ ᠤ ᠲᠡᠵᠢᠭᠡᠬᠦ ᠲᠠᠯᠠᠪᠠᠢ ᠳᠤ ᠣᠷᠤᠰᠤᠨ ᠣᠷᠤᠬᠤ ᠠᠴᠠ ᠬᠢᠴᠢᠶᠡᠨ᠎ᠡ᠃ ᠲᠡᠵᠢᠭᠡᠬᠦ ᠲᠠᠯᠠᠪᠠᠢ ᠶᠢᠨ ᠡᠭᠦᠳᠡᠨ ᠳᠤ ᠠᠷᠢᠭᠤᠳᠬᠠᠯ ᠤᠨ ᠲᠠᠰᠤᠭ ᠪᠠᠶᠢᠭᠤᠯᠵᠤ ᠲᠡᠵᠢᠭᠡᠬᠦ ᠲᠠᠯᠠᠪᠠᠢ ᠳᠤ ᠣᠷᠤᠵᠤ ᠭᠠᠷᠬᠤ ᠬᠦᠮᠤᠰ ᠪᠣᠯᠤᠨ ᠪᠣᠳᠠᠰ ᠢ ᠪᠦᠷ ᠨᠠᠷᠢᠨ ᠨᠢᠮᠪᠠᠢ ᠠᠷᠢᠭᠤᠳᠬᠠᠨ᠎ᠠ᠃      ᠭᠡᠮᠨᠡᠵᠦ ᠦᠬᠦᠭᠰᠡᠨ ᠦᠬᠡᠷ ᠢ ᠰᠢᠢᠳᠪᠤᠷᠢᠯᠡᠬᠦ ᠦᠬᠡᠷ ᠲᠡᠵᠢᠭᠡᠬᠦ ᠲᠠᠯᠠᠪᠠᠢ ᠳᠤ ᠦᠷᠬᠦᠯᠵᠢ ᠭᠡᠮᠨᠡᠵᠦ ᠦᠬᠦᠭᠰᠡᠨ ᠦᠬᠡᠷ᠂ ᠬᠠᠷᠪᠢᠰᠤ᠂ ᠦᠬᠦᠭᠰᠡᠨ ᠭᠡᠭᠡᠯ ᠵᠡᠷᠭᠡ ᠬᠠᠶᠠᠭᠳᠠᠮᠠᠯ ᠪᠣᠳᠠᠰ ᠪᠠᠶᠢᠵᠤ᠂ ᠲᠤᠭ᠎ᠠ ᠬᠡᠮᠵᠢᠶ᠎ᠡ ᠨᠢ ᠶᠡᠭᠡ ᠲᠤᠯᠠ ᠬᠡᠷᠪᠡ ᠬᠤᠣᠷ ᠦᠭᠡᠶᠢᠲᠡᠭᠦᠯᠦᠨ ᠰᠢᠢᠳᠪᠤᠷᠢᠯᠡᠬᠦ ᠦᠭᠡᠢ ᠪᠣᠯ ᠡᠷᠡᠭᠦᠯ ᠠᠯᠠᠰᠢᠨ ᠦᠬᠡᠷ ᠤᠨ ᠰᠦᠷᠦᠭ  ᠲᠤ ᠲᠤᠶᠢᠯ ᠤᠨ ᠶᠡᠭᠡ ᠰᠦᠷᠳᠡᠭᠦᠯᠦᠯ ᠠᠪᠴᠢᠷᠠᠬᠤ ᠶᠤᠮ᠃ ᠡᠶᠢᠮᠤ ᠠᠴᠠ ᠭᠦᠨ ᠨᠦᠬᠡ ᠮᠠᠯᠲᠠᠵᠤ ᠪᠣᠯᠬᠤ᠂ ᠠᠷᠢᠭᠤᠳᠬᠠᠯ ᠬᠢᠵᠤ ᠰᠢᠢᠳᠪᠤᠷᠢᠯᠡᠬᠦ ᠠᠴᠠ ᠭᠠᠳᠠᠨ᠎ᠠ᠂ ᠦᠬᠡᠷ ᠲᠡᠵᠢᠭᠡᠬᠦ ᠲᠠᠯᠠᠪᠠᠢ ᠳᠤ ᠪᠠᠰᠠ ᠪᠠᠭ᠎ᠠ ᠬᠡᠯᠪᠡᠷᠢ ᠶᠢᠨ ᠭᠡᠬᠦᠷ ᠰᠢᠲᠠᠭᠠᠬᠤ ᠵᠣᠤᠬ᠎ᠠ ᠲᠦᠰᠤᠪᠯᠡᠨ ᠪᠠᠶᠢᠭᠤᠯᠵᠤ᠂ ᠭᠡᠮᠨᠡᠵᠦ ᠦᠬᠦᠭᠰᠡᠨ ᠦᠬᠡᠷ ᠵᠡᠷᠬᠡ ᠬᠠᠶᠠᠭᠳᠠᠮᠠᠯ  ᠪᠣᠳᠠᠰ ᠢ ᠬᠤᠣᠷ ᠦᠭᠡᠶᠢᠲᠡᠭᠦᠯᠦᠨ ᠰᠢᠢᠳᠪᠤᠷᠢᠯᠡᠨ᠎ᠡ᠃      ᠪᠠᠭᠠᠰᠤ ᠶᠢ ᠰᠢᠢᠳᠪᠤᠷᠢᠯᠡᠬᠦ ᠲᠦᠭᠦᠭᠡᠷᠤᠮᠵᠢ ᠶᠢ ᠬᠡᠷᠡᠭᠯᠡᠬᠦ ᠣᠷᠴᠢᠨ ᠲᠣᠭᠤᠷᠢᠨ ᠢ ᠬᠠᠮᠠᠭᠠᠯᠠᠬᠤ ᠡᠭᠦᠳᠡᠨ ᠠᠴᠠ ᠦᠬᠡᠷ ᠤᠨ ᠪᠠᠭᠠᠰᠤ ᠶᠢ ᠬᠦᠮᠦᠨ ᠤ ᠬᠦᠴᠤ ᠪᠠᠷ ᠰᠢᠢᠳᠪᠤᠷᠢᠯᠡᠳᠡᠭ᠂ ᠡᠨᠡᠬᠦ ᠠᠷᠭ᠎ᠠ ᠨᠢ ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠶᠢᠯᠡᠵᠦ᠂ ᠡᠯ᠎ᠡ ᠲᠡᠵᠢᠭᠡᠬᠦ ᠲᠠᠯᠠᠪᠠᠢ ᠳᠤ ᠲᠤᠰᠬᠠᠢ ᠪᠠᠭᠠᠰᠤ ᠬᠠᠳᠠᠭᠠᠯᠠᠬᠤ ᠲᠠᠯᠠᠪᠠᠢ ᠲᠣᠬᠢᠷᠠᠭᠤᠯᠵᠤ᠂ ᠪᠠᠭᠠᠰᠤ ᠲᠡᠭᠡᠭᠡᠪᠤᠷᠢᠯᠡᠬᠦ ᠮᠠᠰᠢᠨ ᠤ ᠪᠣᠬᠢᠷᠳᠤᠯ ᠪᠣᠳᠠᠰ ᠢ ᠲᠡᠵᠢᠭᠡᠬᠦ ᠲᠠᠯᠠᠪᠠᠢ ᠳᠤ ᠠᠪᠴᠤ ᠣᠷᠤᠬᠤ ᠠᠴᠠ ᠬᠢᠴᠢᠶᠡᠨ᠎ᠡ᠃ ᠡᠭᠦᠨ ᠤ ᠬᠠᠮᠲᠤ ᠭᠠᠳᠠᠨ᠎ᠠ ᠠᠴᠠ ᠢᠷᠡᠬᠦ ᠲᠡᠭᠡᠭᠡᠪᠤᠷᠢ ᠶᠢᠨ ᠮᠠᠰᠢᠨ ᠪᠣᠯᠤᠨ ᠠᠯᠠᠰᠢᠨ ᠦᠬᠡᠷ ᠤᠨ ᠪᠠᠭᠠᠰᠤ ᠶᠢ ᠲᠡᠭᠡᠭᠡᠪᠤᠷᠢᠯᠡᠬᠦ ᠮᠠᠰᠢᠨ ᠬᠤᠭᠤᠷᠤᠨᠳᠤ ᠣᠶᠢᠷᠠᠲᠤᠵᠤ ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠶᠢᠯᠡᠨ᠎ᠡ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号