ᠬᠢᠮᠡᠯ ᠨᠣᠶᠢᠷ ᠤᠨ ᠪᠣᠯᠴᠢᠷᠬᠠᠢ ᠤᠳᠠᠯ ᠦᠭᠡᠢ ᠵᠠᠬ᠎ᠠ ᠳᠡᠯᠭᠡᠬᠦᠷ ᠲᠤ ᠭᠠᠷᠤᠨ᠎ᠠ
ᠨᠡᠶᠢᠲᠡᠯᠡᠭᠰᠡᠨ ᠴᠠᠭ᠄
2016/8/8
    ᠠᠩᠭ᠍ᠯᠢ ᠶᠢᠨ ᠺᠠᠮᠪᠤᠷᠢᠵᠠ ᠶᠡᠭᠡ ᠰᠤᠷᠭᠠᠭᠤᠯᠢ ᠶᠢᠨ ᠰᠣᠳᠤᠯᠤᠨ ᠭᠠᠷᠭᠠᠭᠰᠠᠨ ᠬᠢᠮᠡᠯ ᠨᠣᠶᠢᠷ ᠤᠨ ᠪᠣᠯᠴᠢᠷᠬᠠᠢ 2 ᠵᠢᠯ ᠤᠨ ᠳᠣᠲᠤᠷ᠎ᠠ ᠵᠠᠬ᠎ᠠ ᠳᠤ ᠭᠠᠷᠬᠤ ᠪᠣᠯᠤᠨ᠎ᠠ᠃ ᠡᠨᠡ ᠨᠢ ᠰᠢᠬᠢᠷ ᠰᠢᠵᠢᠩ ᠡᠪᠡᠳᠴᠢᠲᠡᠳ ᠲᠤ ᠠᠪᠴᠤ ᠬᠡᠯᠡᠪᠡᠯ ᠣᠨᠴᠠ ᠶᠢᠨ ᠶᠡᠭᠡ ᠤᠳᠬ᠎ᠠ ᠠᠭᠤᠯᠭ᠎ᠠ ᠲᠠᠢ ᠶᠤᠮ᠃     ᠬᠢᠮᠡᠯ ᠨᠣᠶᠢᠷ ᠤᠨ ᠪᠣᠯᠴᠢᠷᠬᠠᠢ ᠪᠣᠯ ᠭᠠᠷ ᠤᠲᠠᠰᠤᠨ ᠤ ᠬᠢᠷᠢᠲᠠᠢ ᠵᠢᠵᠢᠭ ᠲᠦᠭᠦᠭᠡᠷᠤᠮᠵᠢ ᠪᠣᠯᠬᠤ ᠶᠤᠮ᠃ ᠲᠡᠭᠦᠨ ᠢ ᠪᠡᠶ᠎ᠡ ᠳᠡᠭᠡᠨ ᠠᠪᠴᠤ ᠶᠠᠪᠤᠬᠤ ᠳᠤ ᠳᠦᠭᠦᠮ ᠮᠦᠷᠲᠡᠭᠡᠨ ᠴᠠᠭ ᠢᠮᠡᠭ᠌ᠲᠠ ᠡᠪᠡᠳᠴᠢᠲᠡᠨ ᠤ ᠴᠢᠰᠤᠨ ᠰᠢᠬᠢᠷ ᠤᠨ ᠬᠡᠮᠵᠢᠶ᠎ᠡ ᠶᠢ ᠬᠢᠨᠠᠵᠦ᠂ ᠪᠠᠰᠠ ᠪᠠᠶᠢᠳᠠᠯ ᠢ ᠦᠨᠳᠤᠰᠤᠯᠡᠨ ᠨᠣᠶᠢᠷ ᠤᠨ ᠠᠷᠠᠯ ᠤᠨ ᠡᠳ᠋ ᠲᠠᠷᠢᠵᠤ ᠴᠢᠳᠠᠳᠠᠭ ᠃ ᠡᠨᠡ ᠨᠢ ᠦᠷᠭᠡᠨ ᠣᠯᠠᠨ I ᠬᠡᠯᠪᠡᠷᠢ ᠶᠢᠨ ᠰᠢᠬᠢᠷ ᠰᠢᠵᠢᠩ ᠤᠨ ᠡᠪᠡᠳᠴᠢᠲᠡᠨ ᠪᠣᠯᠤᠨ ᠬᠠᠷᠢᠴᠠᠩᠭᠤᠢ ᠬᠦᠨᠳᠦ ᠰᠢᠭ II ᠬᠡᠯᠪᠡᠷᠢ ᠶᠢᠨ ᠰᠢᠬᠢᠷ ᠰᠢᠵᠢᠩ ᠡᠪᠡᠳᠴᠢᠲᠡᠨ ᠳᠤ ᠲᠤᠩ ᠳᠦᠭᠦᠮ ᠪᠣᠯᠬᠤ ᠶᠤᠮ᠃ ᠤᠴᠢᠷ ᠨᠢ ᠡᠳᠡᠭᠡᠷ ᠨᠢ ᠡᠪᠡᠳᠴᠢᠲᠡᠳ ᠴᠠᠭ ᠢᠮᠡᠭ᠌ᠲᠠ ᠴᠢᠰᠤᠨ ᠰᠢᠬᠢᠷ ᠤᠨ ᠪᠠᠶᠢᠳᠠᠯ ᠢᠶᠠᠨ ᠠᠩᠬᠠᠷᠬᠤ ᠬᠡᠷᠡᠭᠲᠡᠢ ᠪᠦᠭᠡᠳ ᠬᠡᠲᠤᠨ ᠴᠠᠭ ᠦᠩᠭᠡᠷᠡᠬᠦ ᠪᠦᠷᠢ ᠪᠡᠶ᠎ᠡ ᠳᠡᠭᠡᠨ ᠨᠣᠶᠢᠷ ᠤᠨ ᠠᠷᠠᠯ ᠤᠨ ᠡᠳ᠋ ᠲᠠᠷᠢᠵᠤ ᠣᠷᠤᠭᠤᠯᠬᠤ ᠴᠢᠬᠤᠯᠠᠲᠠᠢ᠃     ᠰᠣᠳᠤᠯᠭᠠᠲᠠᠳ ᠤᠨ ᠲᠠᠨᠢᠯᠴᠠᠭᠤᠯᠤᠭᠰᠠᠨ ᠢᠶᠠᠷ᠂ ᠬᠢᠮᠡᠯ ᠨᠣᠶᠢᠷ ᠤᠨ ᠪᠣᠯᠴᠢᠷᠬᠠᠢ ᠪᠣᠯ ᠴᠢᠰᠤᠨ ᠰᠢᠬᠢᠷ ᠬᠡᠮᠵᠢᠬᠦ ᠮᠠᠰᠢᠨ ᠪᠣᠯᠬᠤ ᠨᠣᠶᠢᠷ ᠤᠨ ᠠᠷᠠᠯ ᠤᠨ ᠡᠳ᠋ ᠲᠠᠷᠢᠬᠤ ᠶᠡᠭᠦᠯᠡᠭᠦᠷ ᠢ ᠬᠠᠮᠳᠤᠳᠬᠠᠭᠰᠠᠨ ᠲᠦᠭᠦᠭᠡᠷᠤᠮᠵᠢ ᠪᠣᠯᠤᠨ᠎ᠠ᠃ ᠲᠡᠷᠡ ᠨᠢ ᠡᠪᠡᠳᠴᠢᠲᠡᠨ ᠤ ᠤᠶᠤᠨ ᠰᠠᠨᠠᠭᠠᠨ ᠤ ᠳᠠᠷᠤᠯᠲᠠ ᠶᠢ ᠪᠠᠭᠠᠰᠬᠠᠬᠤ ᠮᠦᠷᠲᠡᠭᠡᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠦ ᠳᠡᠭᠡᠭᠰᠢᠯᠡᠭᠦᠯᠬᠦ ᠪᠣᠯᠤᠨ᠎ᠠ᠃     ᠡᠭᠦᠨ ᠠᠴᠠ ᠭᠠᠳᠠᠨ᠎ᠠ᠂ ᠰᠣᠳᠤᠯᠭᠠᠲᠠᠳ 3 ᠰᠠᠷ᠎ᠠ ᠶᠢᠨ ᠬᠤᠭᠤᠴᠠᠭ᠎ᠠ ᠪᠦᠬᠦᠢ ᠡᠮᠴᠢᠯᠡᠭᠡᠨ ᠤ ᠲᠣᠷᠰᠢᠯᠲᠠ ᠪᠠᠷ ᠳᠠᠮᠵᠢᠨ ᠡᠶᠢᠮᠦᠷᠬᠡᠥ ᠳ᠋ᠦᠩᠨᠡᠯᠲᠡ ᠶᠢ ᠣᠯᠵᠠᠢ᠄ ᠡᠪᠡᠳᠴᠢᠲᠡᠨ ᠬᠢᠮᠡᠯ ᠨᠣᠶᠢᠷ ᠤᠨ ᠪᠣᠯᠴᠢᠷᠬᠠᠢ ᠶᠢ ᠬᠡᠷᠡᠭᠯᠡᠭᠰᠡᠨ ᠤ ᠳᠠᠷᠠᠭ᠎ᠠ᠂ ᠴᠢᠰᠤᠨ ᠰᠢᠬᠢᠷ ᠤᠨ ᠲᠦᠪᠰᠢᠨ ᠨᠢ ᠦᠪᠡᠷ ᠢᠶᠠᠨ ᠨᠣᠶᠢᠷ ᠤᠨ ᠠᠷᠠᠯ ᠤᠨ ᠡᠳ᠋ ᠲᠠᠷᠢᠵᠤ ᠪᠠᠶᠢᠬᠤ ᠦᠶ᠎ᠡ ᠠᠴᠠ ᠨᠡᠩ ᠲᠣᠭᠲᠠᠪᠤᠷᠢᠲᠠᠢ᠃     ᠬᠢᠮᠡᠯ ᠨᠣᠶᠢᠷ ᠤᠨ ᠪᠣᠯᠴᠢᠷᠬᠠᠢ ᠶᠢᠨ ᠰᠣᠳᠤᠯᠭᠠᠨ ᠤ ᠠᠵᠢᠯ ᠨᠢᠭᠡᠨᠲᠡ ᠰᠢᠪᠳᠤᠷᠠᠭᠠᠨ ᠳᠠᠭᠠᠨ ᠣᠷᠤᠵᠤ᠂ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠵᠦᠪᠰᠢᠶᠡᠷᠡᠯ ᠢ ᠬᠦᠯᠢᠶᠡᠵᠦ ᠪᠠᠶᠢᠨ᠎ᠠ᠃ ᠲᠦᠰᠦᠭᠡᠯᠡᠬᠦ ᠪᠠᠷ᠂ 2017 ᠣᠨ  ᠳᠤ ᠠᠮᠧᠷᠢᠺᠠ ᠶᠢᠨ ᠵᠠᠬ᠎ᠠ ᠳᠡᠯᠭᠡᠭᠦᠷ ᠲᠤ ᠭᠠᠷᠴᠤ᠂ 2018 ᠣᠨ ᠳᠤ ᠪᠣᠯᠬᠤ ᠳᠤ ᠠᠩᠭ᠍ᠯᠢ ᠪᠣᠯᠤᠨ ᠡᠸᠦ᠋ᠷᠤᠫᠡ ᠶᠢᠨ ᠡᠯ᠎ᠡ ᠤᠯᠤᠰ ᠣᠷᠤᠨ ᠢᠶᠠᠷ ᠲᠦᠭᠡᠮᠡᠯᠵᠢᠬᠦ  ᠪᠣᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号