ᠠᠷᠠᠳ ᠤᠨ ᠶᠠᠪᠤᠳᠠᠯ ᠤᠨ ᠶᠠᠮᠤᠨ᠄ ᠭᠠᠮᠰᠢᠭ ᠤᠨ ᠪᠠᠶᠢᠳᠠᠯ ᠢ ᠵᠣᠷᠢᠭᠤᠳᠠ ᠳᠠᠷᠤᠵᠤ ᠨᠢᠭᠤᠭᠰᠠᠨ ᠬᠡᠷᠡᠭ ᠠᠴᠠ ᠬᠠᠷᠢᠭᠤᠴᠠᠯᠭ᠎ᠠ ᠨᠡᠬᠡᠮᠵᠢᠯᠡᠨ᠎ᠡ
ᠨᠡᠶᠢᠲᠡᠯᠡᠭᠰᠡᠨ ᠴᠠᠭ᠄
2016/8/9
     8 ᠰᠠᠷ᠎ᠠ  ᠶᠢᠨ 1 ᠤ ᠡᠳᠦᠷ᠂  ᠠᠷᠠᠳ ᠤᠨ ᠶᠠᠪᠤᠳᠠᠯ ᠤᠨ ᠶᠠᠮᠤᠨ ᠤ ᠰᠠᠶᠢᠳ ᠯᠢ ᠯᠢ ᠭᠦᠸᠧ ᠠᠴᠠ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠱᠠᠭᠠᠷᠳᠠᠯᠭ᠎ᠠ ᠶᠣᠰᠤᠭᠠᠷ ᠴᠠᠭ ᠲᠣᠬᠠᠢ ᠳᠤᠨᠢ ᠭᠠᠮᠰᠢᠭ ᠤᠨ ᠪᠠᠶᠢᠳᠠᠯ ᠢ ᠪᠦᠷᠢᠳᠭᠡᠨ ᠳᠡᠭᠡᠭᠰᠢ ᠮᠡᠳᠡᠭᠦᠯᠵᠦ᠂ ᠭᠠᠮᠰᠢᠭ ᠤᠨ ᠪᠠᠶᠢᠳᠠᠯ ᠢ ᠵᠣᠷᠢᠭᠤᠳᠠ ᠨᠢᠭᠤᠵᠤ ᠬᠦᠨᠳᠦ ᠨᠣᠴᠢᠲᠠᠢ ᠬᠤᠬᠢᠷᠠᠯ ᠨᠦᠯᠦᠭᠡ ᠠᠪᠴᠢᠷᠠᠭᠰᠠᠨ ᠬᠡᠷᠡᠭ ᠠᠴᠠ ᠬᠤᠯᠪᠤᠭᠳᠠᠯ ᠪᠦᠬᠦᠢ ᠳᠦᠷᠢᠮ ᠲᠣᠭᠲᠠᠭᠠᠯ ᠬᠢᠭᠡᠳ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠦᠨᠳᠤᠰᠤᠯᠡᠵᠦ᠂ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ ᠭᠡᠪᠡ᠃      ᠬᠤᠷᠠᠯ ᠳᠡᠭᠡᠷ᠎ᠡ ᠯᠢ ᠯᠢ ᠭᠦᠸᠧ ᠠᠴᠠ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠲᠦᠭᠡᠮᠡᠯᠵᠢᠭᠰᠡᠨ ᠨᠦᠬᠦᠴᠡᠯ ᠳᠣᠣᠷ᠎ᠠ᠂ ᠨᠡᠶᠢᠭᠡᠮ ᠤᠨ ᠬᠦᠴᠤᠨ ᠤ ᠭᠠᠮᠰᠢᠭ ᠠᠴᠠ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠦᠷᠭᠡᠨ ᠢᠶᠠᠷ ᠣᠷᠤᠯᠴᠠᠵᠤ ᠪᠠᠶᠢᠭ᠎ᠠ ᠪᠠᠶᠢᠳᠠᠯ ᠳᠣᠣᠷ᠎ᠠ᠂ ᠠᠷᠠᠳ ᠣᠯᠠᠨ ᠤ ᠬᠠᠥᠯᠢ ᠶᠣᠰᠤᠨ  ᠤ ᠡᠷᠬᠡ ᠠᠰᠢᠭ ᠢᠶᠠᠨ ᠬᠠᠮᠠᠭᠠᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠳᠤᠮᠳᠠ᠂ ᠭᠠᠮᠰᠢᠭ ᠤᠨ ᠪᠠᠶᠢᠳᠠᠯ ᠢ ᠵᠣᠷᠢᠭᠤᠳᠠ ᠨᠢᠭᠤᠬᠤ ᠨᠢ ᠡᠷᠲᠡ ᠣᠷᠤᠢ ᠦᠭᠡᠢ ᠢᠯᠡᠴᠢᠯᠡᠭᠳᠡᠬᠦ ᠶᠤᠮ ᠭᠡᠵᠡᠢ᠃ ᠲᠡᠷᠡ᠂ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠷᠢ ᠠᠴᠠ ᠭᠠᠮᠰᠢᠭ ᠤᠨ ᠪᠠᠶᠢᠳᠠᠯ ᠢ ᠮᠡᠳᠡᠭᠦᠯᠬᠦ ᠠᠵᠢᠯ ᠢ ᠰᠠᠶᠢᠳᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠦᠷᠢᠮ ᠲᠣᠭᠲᠠᠭᠠᠯ ᠢ ᠵᠢᠷᠤᠮᠯᠠᠨ᠂ ᠬᠠᠷᠢᠭᠤᠴᠠᠯᠭ᠎ᠠ ᠡᠭᠦᠷᠭᠡᠯᠡᠵᠦ᠂ ᠣᠷᠤᠢ ᠮᠡᠳᠡᠭᠦᠯᠬᠦ᠂ ᠳᠤᠲᠠᠭᠤ ᠮᠡᠳᠡᠭᠦᠯᠬᠦ ᠠᠴᠠ ᠵᠠᠶᠢᠯᠠᠰᠬᠢᠵᠦ᠂ ᠭᠠᠮᠰᠢᠭ ᠤᠨ ᠪᠠᠶᠢᠳᠠᠯ ᠢ ᠨᠢᠭᠤᠬᠤ ᠶᠢ ᠡᠷᠡᠰ ᠲᠠᠪᠴᠢᠵᠦ ᠦᠨᠡᠨ ᠪᠣᠲᠠᠲᠠᠢ ᠪᠠᠷ ᠮᠡᠳᠡᠭᠦᠯᠬᠦ ᠬᠡᠷᠡᠭᠲᠡᠢ ᠭᠡᠵᠡᠢ᠃      ᠯᠢ ᠯᠢ ᠭᠦᠸᠧ᠂ ᠠᠭᠤᠯᠠᠨ ᠦᠶᠡᠷ᠂ ᠰᠢᠪᠡᠷ ᠴᠢᠯᠠᠭᠤᠨ ᠣᠷᠤᠰᠬᠠᠭᠳᠠᠯ᠂ ᠭᠤᠯᠭᠤᠭ᠎ᠠ ᠪᠡᠯ ᠵᠡᠷᠭᠡ ᠭᠡᠨᠡᠳᠲᠡ ᠶᠢᠨ ᠴᠢᠨᠠᠷᠲᠠᠢ ᠪᠠᠶᠢᠭᠠᠯᠢ ᠶᠢᠨ ᠭᠠᠮᠰᠢᠭ᠂ ᠣᠨᠴᠠᠭᠠᠶᠢᠯᠠᠨ ᠭᠠᠮᠰᠢᠭᠳᠠᠭᠰᠠᠨ ᠣᠷᠤᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠤ᠂ ᠵᠠᠮ ᠨᠡᠪᠲᠡᠷᠡᠯᠦᠭᠡ ᠲᠠᠰᠤᠷᠠᠭᠰᠠᠨ ᠪᠠᠶᠢᠳᠠᠯ ᠳᠤ ᠬᠠᠨᠳᠤᠭᠤᠯᠤᠨ᠂ ᠡᠯ᠎ᠡ ᠭᠠᠵᠠᠷ ᠤᠨ ᠭᠠᠮᠰᠢᠭ ᠤᠨ ᠪᠠᠶᠢᠳᠠᠯ ᠤᠨ ᠬᠢᠨᠠᠨ ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠭᠠᠮᠰᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ ᠳᠠᠷᠤᠶᠢᠬᠠᠨ ᠦᠨᠡᠯᠡᠯᠲᠡ ᠬᠢᠵᠤ ᠬᠢᠨᠠᠨ ᠲᠣᠭᠲᠠᠭᠠᠬᠤ ᠶᠢᠨ ᠬᠠᠮᠲᠤ ᠬᠤᠯᠪᠤᠭᠳᠠᠯ ᠪᠦᠬᠦᠢ ᠳᠦᠷᠢᠮ ᠲᠣᠭᠲᠠᠭᠠᠯ ᠢᠶᠠᠷ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠬᠢᠷᠠᠯ ᠤᠨ ᠪᠠᠶᠢᠳᠠᠯ ᠢ ᠨᠡᠶᠢᠲᠡᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃
 
ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号