ᠣᠩᠨᠢᠭᠤᠳ ᠬᠤᠰᠢᠭᠤᠨ ᠤ ᠠᠰᠢᠬᠠᠨ ᠳᠠᠬᠢ ᠲᠣᠮᠢᠯᠠᠭᠰᠠᠨ ᠰᠠᠯᠪᠤᠷᠢ ᠤᠯᠠᠷᠢᠯ ᠤᠨ ᠴᠢᠨᠠᠷᠲᠠᠢ ᠬᠡᠷᠡᠭ ᠡᠭᠦᠰᠬᠦ ᠶᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭᠠᠳᠬᠠᠵᠤ ᠪᠣᠢ
ᠨᠡᠶᠢᠲᠡᠯᠡᠭᠰᠡᠨ ᠴᠠᠭ᠄
2016/9/6
     ᠨᠠᠮᠤᠷ ᠤᠨ ᠠᠭᠤᠷ ᠣᠷᠤᠭᠰᠠᠨ ᠤ ᠳᠠᠷᠠᠭ᠎ᠠ ᠮᠠᠯ ᠤᠨᠤᠭ᠎ᠠ ᠶᠢ ᠳᠡᠭᠡᠷᠡᠮᠳᠡᠨ ᠬᠤᠯᠠᠭᠠᠶᠢᠯᠠᠬᠤ ᠵᠡᠷᠭᠡ ᠤᠯᠠᠷᠢᠯ ᠤᠨ ᠴᠢᠨᠠᠷᠲᠠᠢ ᠬᠡᠷᠡᠭ ᠡᠭᠦᠰᠬᠦ ᠶᠢ ᠰᠡᠷᠭᠡᠶᠢᠯᠡᠵᠦ᠂ ᠨᠡᠶᠢᠭᠡᠮ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ ᠠᠰᠢᠬᠠᠨ ᠳᠠᠬᠢ ᠲᠣᠮᠢᠯᠠᠭᠰᠠᠨ ᠰᠠᠯᠪᠤᠷᠢ ᠨᠢ ᠢᠳᠡᠪᠬᠢᠲᠡᠢ ᠪᠠᠶᠢᠷᠢᠯᠠᠭᠤᠯᠤᠨ᠂ ︽ᠲᠠᠯ᠎ᠠ ᠨᠤᠲᠤᠭ ᠤᠨ 110︾ ᠤ ᠳᠠᠪᠠᠭᠤᠯᠢᠭ ᠢ ᠭᠦᠢᠴᠡᠳ ᠠᠰᠢᠭᠯᠠᠨ᠂ ᠴᠠᠭᠳᠠᠨ ᠪᠠᠶᠢᠴᠠᠭᠠᠬᠤ ᠬᠦᠴᠤᠯᠡᠴᠡ ᠪᠠᠨ ᠴᠢᠩᠭᠠᠳᠬᠠᠨ᠂ ᠡᠶᠢᠮᠦᠷᠬᠡᠥ ᠶᠠᠯᠠᠲᠤ ᠠᠵᠢᠯᠯᠠᠭ᠎ᠠ ᠳᠤ ᠬᠦᠴᠤᠲᠦ ᠴᠣᠬᠢᠯᠲᠠ ᠦᠭᠴᠦ᠂ ᠬᠠᠷᠢᠶᠠᠲᠤ ᠣᠷᠤᠨ ᠤ ᠣᠯᠠᠨ ᠲᠦᠮᠡᠨ ᠤ ᠠᠮᠢ ᠨᠠᠰᠤ ᠡᠳ᠋ ᠬᠦᠷᠤᠩᠭᠡ ᠶᠢᠨ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ᠃      ᠠᠰᠢᠬᠠᠨ ᠳᠠᠬᠢ ᠲᠣᠮᠢᠯᠠᠭᠰᠠᠨ ᠰᠠᠯᠪᠤᠷᠢ ᠨᠢ ᠳᠡᠭᠡᠲᠤ ᠱᠠᠲᠤᠨ ᠠᠴᠠ ᠦᠷᠨᠢᠭᠦᠯᠦᠭᠰᠡᠨ ᠡᠯ᠎ᠡ ᠵᠤᠶᠢᠯ ᠤᠨ ᠠᠵᠢᠯᠯᠠᠭᠠᠨ ᠲᠠᠢ ᠤᠶᠠᠯᠳᠤᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠵᠢᠴᠢ ᠬᠦᠴᠤᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ ᠪᠣᠢ᠃ ᠨᠢᠭᠡ ᠳᠤ᠂ ᠬᠠᠷᠢᠶᠠᠲᠤ ᠣᠷᠤᠨ ᠳᠠᠬᠢ ᠮᠠᠯ ᠤᠨᠤᠭ᠎ᠠ ᠶᠢ ᠬᠤᠯᠠᠭᠠᠶᠢᠯᠠᠨ ᠳᠡᠭᠡᠷᠡᠮᠳᠡᠬᠦ ᠬᠡᠷᠡᠭ ᠣᠯᠠᠨ ᠡᠭᠦᠰᠳᠡᠭ ᠭᠠᠴᠠᠭ᠎ᠠ ᠲᠣᠰᠬᠤᠨ ᠳᠤ ᠭᠦᠨᠵᠡᠭᠡᠢ ᠨᠠᠷᠢᠯᠢᠭ ᠵᠠᠳᠠᠯᠤᠯᠲᠠ ᠬᠢᠬᠦ ᠶᠢᠨ ᠬᠠᠮᠲᠤ ᠡᠯ᠎ᠡ ᠵᠢᠵᠢᠭᠦᠷ ᠤᠨ ᠳᠣᠭᠤᠶᠢᠯᠠᠩ ᠤᠨ ᠬᠦᠯᠢᠶᠡᠨ ᠠᠪᠤᠭᠰᠠᠨ ᠬᠡᠷᠡᠭ ᠢ ᠴᠠᠭ ᠲᠣᠬᠠᠢ ᠳᠤᠨᠢ ᠰᠢᠢᠳᠪᠤᠷᠢᠯᠡᠨ᠂ ᠴᠠᠭᠳᠠᠭᠠᠨ ᠤ ᠬᠦᠴᠤᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠴᠣᠬᠢᠯᠲᠠ ᠦᠭᠬᠦ ᠬᠦᠴᠤᠯᠡᠴᠡ ᠪᠠᠨ ᠳᠡᠭᠡᠭᠰᠢᠯᠡᠭᠦᠯᠪᠡ᠃ ᠬᠤᠶᠠᠷ ᠲᠤ᠂ ᠡᠬᠢ ᠪᠠᠶᠠᠯᠢᠭ ᠢ ᠨᠢᠭᠡᠳᠭᠡᠨ᠂ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠠᠭᠤᠳᠠᠯᠠᠪᠠ᠃ ᠣᠯᠠᠨ ᠲᠦᠮᠡᠨ ᠤ ᠬᠦᠴᠦᠨ ᠢ ᠳᠠᠶᠢᠴᠢᠯᠠᠨ᠂ ᠡᠳ᠋ ᠬᠦᠷᠤᠩᠭᠡ ᠶᠢ ᠬᠤᠯᠠᠭᠠᠶᠢᠯᠠᠨ ᠳᠡᠭᠡᠷᠡᠮᠳᠡᠬᠦ ᠬᠡᠷᠡᠭ ᠣᠯᠠᠨ ᠡᠭᠦᠰᠳᠡᠭ ᠭᠤᠣᠯᠳᠠᠯᠭ᠎ᠠ ᠲᠠᠢ ᠣᠷᠤᠨ᠂ ᠭᠤᠣᠯᠳᠠᠯᠭ᠎ᠠ ᠲᠠᠢ ᠲᠠᠯᠠᠪᠤᠷ ᠲᠤ ᠨᠠᠷᠢᠯᠢᠭ ᠪᠠᠶᠢᠴᠠᠭᠠᠯᠲᠠ  ᠬᠢᠬᠦ ᠶᠢᠨ ᠬᠠᠮᠲᠤ ᠰᠦᠨᠢ ᠶᠢᠨ ᠪᠠᠶᠢᠴᠠᠭᠠᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠨᠡᠭᠦᠳᠡᠯ ᠬᠦᠮᠦᠨ ᠠᠮᠠ ᠶᠢᠨ ᠮᠡᠳᠡᠭᠡ ᠵᠠᠩᠭᠢ ᠪᠣᠯᠤᠨ ᠦᠨᠳᠤᠰᠤᠨ ᠪᠠᠶᠢᠳᠠᠯ ᠢ ᠳᠠᠩᠰᠠᠯᠠᠨ᠂ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠬᠦᠨᠵᠡᠭᠡᠢ ᠠᠭᠤᠳᠠᠯᠠᠪᠠ᠃ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠵᠤ᠂ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠪᠠ᠃ ᠰᠡᠷᠡᠮᠵᠢᠯᠡᠭᠦᠯᠬᠦ ᠬᠦᠨᠳᠡᠯᠡᠨ ᠪᠢᠴᠢᠭᠡᠰᠤ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠬᠡ ᠬᠡᠯᠪᠡᠷᠢ ᠪᠠᠷ ᠬᠠᠷᠢᠶᠠᠲᠤ ᠣᠷᠤᠨ ᠤ ᠡᠯ᠎ᠡ ᠭᠠᠴᠠᠭ᠎ᠠ ᠲᠤᠰᠬᠤᠨ᠂ ᠲᠦᠷ ᠴᠠᠭ ᠲᠦᠪᠯᠡᠷᠡᠨ ᠰᠠᠭᠤᠵᠤ ᠪᠠᠶᠢᠭ᠎ᠠ ᠣᠷᠤᠨ ᠳᠤ ᠬᠤᠯᠠᠭᠠᠶᠢᠯᠠᠨ ᠳᠡᠭᠡᠷᠡᠮᠳᠡᠬᠦ ᠬᠡᠷᠡᠭ ᠡᠭᠦᠰᠬᠦ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠷᠨᠢᠭᠦᠯᠬᠦ ᠶᠢᠨ ᠬᠠᠮᠲᠤ ᠣᠯᠠᠨ ᠲᠦᠮᠡᠨ ᠬᠡᠷᠡᠭ ᠮᠡᠳᠡᠭᠦᠯᠪᠡᠯ ᠱᠠᠩᠨᠠᠬᠤ ᠳᠦᠷᠢᠮ ᠢ ᠬᠡᠷᠡᠭᠵᠢᠭᠦᠯᠵᠦ᠂ ᠰᠦᠪᠡᠭᠴᠢ ᠴᠤᠭᠯᠠᠭᠤᠯᠬᠤ ᠶᠢ ᠴᠢᠩᠭᠠᠳᠬᠠᠨ᠂ ᠣᠯᠠᠨ ᠲᠦᠮᠡᠨ ᠤ ᠦᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠪᠡ᠃                          ᠤᠯᠠᠭᠠᠨ ᠬᠠᠳᠠ ᠶᠢᠨ ᠡᠳᠦᠷ ᠤᠨ ᠰᠣᠨᠢᠨ ᠠᠴᠠ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号