ᠠᠰᠢᠬᠠᠨ ᠰᠣᠮᠣ ᠨᠤᠷᠠᠬᠤ ᠠᠶᠤᠯᠲᠠᠢ ᠭᠡᠷ ᠪᠠᠶᠢᠰᠢᠩ ᠦᠭᠡᠢ ᠪᠣᠯᠬᠤ ᠪᠠᠷ ᠴᠢᠷᠮᠠᠶᠢᠨ ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2016/9/8
      ᠮᠠᠯᠵᠢᠬᠤ ᠲᠠᠷᠢᠶᠠᠯᠠᠬᠤ ᠣᠷᠤᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠨᠢ ᠠᠷᠠᠳ ᠤᠨ ᠰᠡᠳᠭᠢᠯ ᠢ ᠳᠤᠯᠠᠭᠠᠴᠠᠭᠤᠯᠬᠤ ᠢᠨᠵᠧᠨᠧᠷᠢᠩ ᠪᠣᠯᠤᠭᠰᠠᠨ ᠤ ᠬᠤᠪᠢ ᠳᠤ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠭᠡᠬᠦ ᠨᠢ ᠠᠷᠪᠠᠨ ᠶᠡᠭᠡ ᠠᠵᠢᠯ ᠤᠨ ᠲᠡᠷᠢᠭᠦᠨ ᠳᠤ ᠵᠢᠭᠰᠠᠭᠠᠭᠳᠠᠵᠤ ᠪᠠᠶᠢᠭ᠎ᠠ ᠠᠵᠢᠯ ᠲᠦᠷᠤᠯ ᠪᠣᠯᠤᠨ᠎ᠠ       ᠣᠩᠨᠢᠭᠤᠳ ᠬᠤᠰᠢᠭᠤᠨ ᠤ ᠠᠰᠢᠬᠠᠨ ᠰᠣᠮᠣ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠶᠠᠳᠠᠭᠤ ᠶᠢ ᠲᠡᠳᠭᠦᠬᠦ ᠪᠠ ︽ᠠᠷᠪᠠ ᠶᠢ ᠪᠦᠷᠭᠦᠬᠦᠯᠬᠦ︾ ᠠᠵᠢᠯ ᠢ ᠨᠢᠭᠡᠳᠤᠯᠲᠡᠢ ᠲᠦᠯᠦᠪᠯᠡᠨ ᠵᠡᠷᠭᠡᠪᠡᠷ ᠠᠬᠢᠭᠤᠯᠵᠤ᠂ ᠨᠤᠷᠠᠬᠤ ᠠᠶᠤᠯᠲᠠᠢ ᠭᠡᠷ ᠪᠠᠷᠢᠯᠭ᠎ᠠ ᠶᠢ ᠵᠠᠰᠠᠨ ᠰᠢᠨᠡᠳᠭᠡᠭᠦ ᠠᠵᠢᠯ ᠢ ᠡᠨᠡ ᠵᠢᠯ ᠤᠨ ᠠᠵᠢᠯ ᠤᠨ ᠭᠤᠣᠯᠳᠠᠯᠭ᠎ᠠ ᠪᠣᠯᠭᠠᠨ ᠠᠳᠬᠤᠵᠠᠢ᠃ ᠣᠳᠤᠬᠠᠨ ᠳᠤ ᠲᠤᠰ ᠰᠣᠮᠣᠨ ᠤ ᠶᠠᠳᠠᠭᠤ ᠬᠦᠴᠢᠷᠲᠡᠢ 50 ᠭᠠᠷᠤᠢ ᠡᠷᠤᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠭᠡᠬᠦ ᠠᠵᠢᠯ ᠨᠢ ᠡᠷᠴᠢᠮᠲᠡᠢ ᠰᠠᠶᠢᠬᠠᠨ ᠶᠠᠪᠤᠭᠳᠠᠵᠤ ᠪᠠᠶᠢᠨ᠎ᠠ᠃ ᠠᠰᠢᠬᠠᠨ ᠰᠣᠮᠤᠨ ᠤ ᠰᠣᠮᠤᠨ ᠳᠠᠷᠤᠭ᠎ᠠ ᠰᠡᠩᠭᠡ᠄ ︽ᠶᠠᠳᠠᠭᠤ ᠠᠴᠠ ᠠᠩᠬᠢᠵᠢᠷᠠᠭᠤᠯᠬᠤ ᠠᠵᠢᠯ ᠢ ᠭᠠᠷ ᠣᠷᠤᠵᠤ ᠬᠢᠬᠦ ᠳᠤ ᠶᠠᠭᠤᠨ ᠤ ᠡᠮᠤᠨ᠎ᠡ ᠮᠠᠯᠴᠢᠳ ᠡᠷᠬᠡᠪᠰᠢ ᠰᠠᠭᠤᠬᠤ ᠠᠴᠠ ᠭᠡᠷ ᠪᠠᠶᠢᠰᠢᠩ ᠤᠨ ᠪᠠᠲᠤᠯᠠᠭ᠎ᠠ ᠪᠠᠶᠢᠬᠤ ᠬᠡᠷᠡᠭᠲᠡᠢ ᠪᠠᠶᠢᠳᠠᠭ ᠃ ᠲᠡᠭᠡᠬᠦ ᠪᠠᠷ ᠪᠢᠳᠡ ᠰᠢᠪᠠᠷ ᠭᠡᠷ ᠢ ᠵᠠᠰᠠᠨ ᠰᠢᠨᠡᠳᠭᠡᠬᠦ ᠶᠢ ᠲᠡᠳᠤᠢ ᠴᠢᠬᠤᠯᠠᠴᠢᠯᠠᠨ ᠬᠢᠵᠤ ᠪᠠᠶᠢᠬᠤ ᠦᠭᠡᠢ᠂ ᠬᠠᠷᠢᠨ ᠰᠢᠨ᠎ᠡ ᠪᠠᠷ ᠲᠣᠭᠤᠰᠬᠠᠨ ᠭᠡᠷ ᠪᠠᠷᠢᠬᠤ ᠶᠢ ᠬᠦᠴᠤᠯᠡᠨ ᠠᠳᠬᠤᠵᠤ ᠪᠠᠶᠢᠨ᠎ᠠ᠃ ᠡᠭᠦᠨ ᠳᠤ ᠪᠢᠳᠡ ᠶᠠᠭᠤᠨ ᠤ ᠡᠮᠤᠨ᠎ᠡ ᠶᠠᠳᠠᠭᠤ ᠬᠦᠴᠢᠷᠲᠡᠢ ᠡᠷᠤᠬᠡ ᠶᠢ ᠳᠠᠩᠰᠠ ᠡᠪᠬᠡᠮᠡᠯ ᠪᠠᠶᠢᠭᠤᠯᠤᠨ ᠪᠦᠷᠢᠳᠭᠡᠯ ᠬᠢᠵᠦ᠂ ᠪᠦᠬᠦ ᠰᠣᠮᠤᠨ ᠤ ᠰᠢᠪᠠᠷ ᠪᠠᠶᠢᠰᠢᠩ ᠲᠠᠢ ᠠᠮᠢᠳᠤᠷᠠᠯ ᠬᠦᠴᠢᠷᠲᠡᠢ ᠡᠷᠤᠬᠡ ᠳᠤ ᠪᠦᠬᠦᠨ ᠢ ᠰᠢᠨᠡᠳᠭᠡᠨ ᠪᠠᠷᠢᠬᠤ ᠶᠢ ᠰᠠᠨᠠᠭᠠᠴᠢᠯᠠᠨ ᠪᠡᠯᠡ ᠮᠦᠩᠭᠦᠨ ᠤ ᠳᠡᠮᠵᠢᠯᠭᠡ ᠦᠵᠡᠭᠦᠯᠵᠦ ᠪᠠᠶᠢᠨ᠎ᠠ︾ ᠭᠡᠯ᠎ᠡ᠃       ᠲᠤᠰ ᠰᠣᠮᠣ ᠨᠢ ᠶᠠᠳᠠᠭᠤ ᠬᠦᠴᠢᠷᠲᠡᠢ ᠡᠷᠤᠬᠡ ᠶᠢᠨ ᠨᠤᠷᠠᠬᠤ ᠠᠶᠤᠯᠲᠠᠢ ᠭᠡᠷ ᠪᠠᠷᠢᠯᠭ᠎ᠠ ᠶᠢᠨ ᠨᠠᠷᠢᠯᠢᠭ ᠪᠠᠶᠢᠳᠠᠯ ᠢ ᠣᠶᠢᠯᠠᠭᠠᠭᠰᠠᠨ ᠬᠤᠶᠢᠨ᠎ᠠ᠂ ᠰᠣᠮᠤᠨ ᠠᠴᠠ ᠪᠠᠨ 20 ᠲᠦᠮᠡᠨ ᠲᠦᠭᠦᠷᠢᠭ ᠭᠠᠷᠭᠠᠨ 50 ᠲᠦᠮᠡᠨ ᠲᠣᠭᠤᠰᠬ᠎ᠠ ᠬᠤᠳᠠᠯᠳᠤᠨ ᠠᠪᠴᠤ᠂ ᠬᠦᠴᠢᠷᠲᠡᠢ ᠡᠷᠤᠬᠡ ᠳᠤ ᠦᠭᠭᠦᠭᠰᠡᠨ ᠪᠦᠭᠡᠳ ᠡᠷᠤᠬᠡ ᠪᠦᠷᠢ ᠳᠤ ᠲᠦᠮᠡᠨ ᠲᠦᠭᠦᠷᠢᠭ ᠤᠨ ᠵᠢᠭᠡᠯᠡᠯᠭᠡ ᠦᠭᠴᠦ ᠪᠠᠷᠢᠯᠭ᠎ᠠ ᠶᠢᠨ ᠠᠵᠢᠯ ᠳᠤᠨᠢ ᠲᠤᠰ ᠳᠡᠮᠵᠢᠯᠭᠡ ᠪᠣᠯᠭᠠᠵᠠᠢ᠃ ᠡᠭᠦᠨ ᠤ ᠳᠠᠭᠠᠥ ᠰᠢᠨᠡᠳᠭᠡᠨ ᠪᠠᠷᠢᠬᠤ ᠬᠠᠮᠢᠶ᠎ᠠ ᠪᠦᠬᠦᠢ ᠠᠵᠢᠯ ᠢ ᠭᠠᠴᠠᠭᠠᠨ ᠤ ᠱᠦᠵᠢ ᠪᠣᠶᠤ ᠭᠠᠴᠠᠭᠠᠨ ᠳᠠᠷᠤᠭ᠎ᠠ᠂ ᠳᠣᠭᠤᠶᠢᠯᠠᠩ ᠤᠨ ᠳᠠᠷᠤᠭ᠎ᠠ ᠳᠤ ᠳᠠᠭᠠᠭᠠᠴᠢᠯᠠᠭᠤᠯᠤᠨ ᠬᠠᠷᠢᠭᠤᠴᠠᠭᠤᠯᠵᠤ ᠪᠠᠶᠢᠨ᠎ᠠ᠃ ᠤᠯᠠᠭᠠᠨ᠋ᠣ᠋ᠳᠣ ᠭᠠᠴᠠᠭᠠᠨ ᠤ ᠳᠠᠷᠤᠭ᠎ᠠ ᠪᠠᠶᠠᠨᠮᠠᠨᠳᠠ ᠄ ︽ᠮᠠᠨ ᠤ ᠭᠠᠴᠠᠭᠠᠨ ᠤ ᠵᠣᠣᠬᠠᠳᠤ ᠳᠣᠭᠤᠶᠢᠯᠠᠩ ᠳᠤ ᠰᠢᠪᠠᠷ ᠭᠡᠷ ᠲᠠᠢ ᠰᠢᠨᠡᠳᠭᠡᠨ ᠪᠠᠷᠢᠬᠤ ᠴᠢᠬᠤᠯᠠᠲᠠᠢ ᠡᠷᠤᠬᠡ ᠠᠷᠪᠠ ᠭᠠᠷᠤᠢ ᠪᠠᠶᠢᠨ᠎ᠠ᠃ ᠣᠯᠠᠩᠬᠢ ᠰᠢᠪᠠᠷ ᠭᠡᠷ ᠲᠤ ᠨᠠᠰᠤᠲᠠᠶᠢᠴᠤᠳ ᠰᠠᠭᠤᠵᠤ ᠪᠠᠶᠢᠬᠤ ᠪᠣᠯᠬᠤᠷ ᠬᠤᠪᠢ ᠪᠠᠷ ᠢᠶᠠᠨ ᠰᠢᠨ᠎ᠡ ᠭᠡᠷ ᠪᠠᠷᠢᠬᠤ ᠭᠡᠬᠦ ᠳᠤ ᠰᠠᠨᠠᠭ᠎ᠠ ᠨᠢ ᠪᠠᠶᠢᠭᠠᠳ ᠠᠮᠢᠳᠤᠷᠠᠯ ᠤᠨ ᠡᠯ᠎ᠡ ᠲᠠᠯ᠎ᠠ ᠶᠢᠨ ᠨᠦᠬᠦᠴᠡᠯ ᠬᠦᠷᠤᠯᠴᠡᠬᠦ ᠦᠭᠡᠢ ᠪᠠᠶᠢᠵᠠᠢ᠃ ᠣᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠡᠯ᠎ᠡ ᠲᠠᠯ᠎ᠠ ᠶᠢᠨ ᠠᠵᠢᠯ ᠰᠢᠪᠲᠤᠷᠠᠭᠠᠨ ᠳᠠᠭᠠᠨ ᠣᠷᠤᠭᠰᠠᠨ ᠪᠣᠯᠬᠤᠷ ᠴᠠᠭ ᠢ ᠠᠮᠵᠢᠵᠤ ᠪᠠᠶᠢᠭᠤᠯᠬᠤ ᠨᠢ ᠠᠷᠠᠳ ᠲᠤ ᠠᠰᠢᠭᠲᠠᠢ ᠶᠠᠪᠤᠳᠠᠯ ᠪᠣᠯᠤᠨ᠎ᠠ︾ ᠭᠡᠵᠦ ᠶᠠᠷᠢᠵᠤ ᠪᠠᠶᠢᠪᠠ᠃       ᠤᠯᠠᠭᠠᠨ᠋ᠣ᠋ᠳᠣ ᠭᠠᠴᠠᠭᠠᠨ ᠤ ᠵᠣᠣᠬᠠᠳᠤ ᠳᠣᠭᠤᠶᠢᠯᠠᠩ ᠤᠨ ᠠᠯᠲᠠᠨᠴᠡᠴᠡᠭ ᠨᠠᠰᠤᠲᠠᠨ ᠡᠨᠡ ᠵᠢᠯ 69 ᠨᠠᠰᠤᠲᠠᠢ᠂ ᠲᠡᠭᠦᠨ ᠤ ᠬᠠᠭᠤᠴᠢᠨ ᠭᠡᠷ ᠨᠢ ᠳᠠᠯᠠᠭᠠᠳ ᠣᠨ ᠤ ᠦᠶ᠎ᠡ ᠳᠤ ᠪᠠᠷᠢᠭᠰᠠᠨ ᠰᠢᠪᠠᠷ ᠪᠠᠶᠢᠰᠢᠩ ᠪᠠᠶᠢᠵᠦ᠂ ᠶᠡᠭᠡ ᠪᠣᠷᠤᠭᠠᠨ ᠣᠷᠤᠬᠤ ᠳᠤ ᠬᠦᠷᠪᠡᠯ ᠮᠠᠰᠢ ᠠᠶᠤᠯᠲᠠᠢ ᠪᠣᠯᠵᠠᠢ᠃ ᠣᠳᠤᠬᠠᠨ ᠳᠤ ᠲᠡᠳᠡ 60 ᠲᠡᠭᠰᠢ ᠳᠦᠷᠪᠡᠯᠵᠢᠨ ᠮᠧᠲᠷ ᠤᠨ ᠲᠣᠭᠤᠰᠬᠠᠨ ᠭᠡᠷ ᠪᠠᠷᠢᠵᠤ᠂ ᠤᠳᠠᠯ ᠦᠭᠡᠢ ᠰᠢᠨ᠎ᠡ ᠭᠡᠷ ᠲᠡᠭᠡᠨ ᠣᠷᠤᠵᠤ ᠰᠠᠭᠤᠬᠤ ᠪᠣᠯᠤᠭᠰᠠᠨ ᠳᠠᠭᠠᠨ ᠰᠡᠳᠬᠢᠯ ᠮᠠᠰᠢ ᠪᠠᠶᠠᠷᠲᠠᠢ ᠪᠠᠶᠢᠯ᠎ᠠ᠃ ᠠᠯᠲᠠᠨᠴᠡᠴᠡᠭ ᠨᠠᠰᠤᠲᠠᠨ᠄ ︽ᠤᠯᠤᠰ ᠠᠴᠠ ᠰᠢᠨ᠎ᠡ ᠭᠡᠷ ᠪᠠᠷᠢᠵᠤ ᠦᠭᠭᠦᠭᠰᠡᠨ ᠳᠤ ᠪᠢ ᠦᠨᠡᠬᠡᠷ ᠪᠠᠶᠠᠷᠯᠠᠵᠤ ᠪᠠᠶᠢᠨ᠎ᠠ  ᠂ ᠪᠢ ᠪᠠᠶᠠᠨᠮᠠᠨᠳᠠ ᠭᠠᠴᠠᠭᠠᠨ ᠳᠠᠷᠤᠭ᠎ᠠ ᠳᠠᠭᠠᠨ ᠲᠠᠯᠠᠷᠬᠠᠨ᠎ᠠ᠂ ᠤᠴᠢᠷ ᠨᠢ ᠲᠡᠷᠡ ᠭᠡᠷ ᠪᠠᠷᠢᠬᠤ ᠲᠣᠭᠤᠰᠬ᠎ᠠ ᠠᠴᠠ ᠡᠬᠢᠯᠡᠨ ᠸᠠᠭᠠᠷ᠂ ᠴᠣᠩᠬᠤ ᠡᠭᠦᠳᠡ ᠶᠢ ᠪᠦᠷᠢ ᠣᠷᠤᠭᠤᠯᠵᠤ ᠦᠭᠭᠦᠭᠰᠡᠨ ᠮᠦᠷᠲᠡᠭᠡᠨ ᠲᠦᠮᠡᠨ ᠲᠦᠭᠦᠷᠢᠭ ᠤᠨ ᠵᠢᠭᠡᠯᠡᠯᠭᠡ ᠦᠭᠭᠦᠯ᠎ᠡ︔ ᠳᠠᠯᠠ ᠬᠦᠷᠤᠭᠡᠳ ᠰᠢᠨ᠎ᠡ ᠭᠡᠷ ᠲᠤ ᠰᠠᠭᠤᠬᠤ ᠬᠦᠰᠡᠯ ᠮᠢᠨᠢ ᠪᠡᠶᠡᠯᠡᠭᠳᠡᠬᠦ ᠨᠢ ᠡ︾ ᠭᠡᠵᠦ ᠳᠦᠭᠦᠮᠭᠡᠨ ᠬᠡᠳᠤᠨ ᠰᠡᠳᠭᠢᠯ ᠤᠨ ᠦᠭᠡ ᠪᠠᠨ ᠪᠢᠳᠡᠨ ᠲᠠᠢ ᠬᠤᠪᠢᠶᠠᠯᠴᠠᠬᠤ ᠪᠠᠷ ᠬᠠᠯᠠᠭᠤᠨ ᠨᠢᠯᠪᠤᠰᠤ ᠨᠢ ᠬᠠᠴᠠᠷ ᠳᠠᠷᠤᠨ ᠤᠷᠤᠰᠴᠤ ᠪᠠᠶᠢᠪᠠ᠃       ᠶᠠᠳᠠᠭᠤ ᠠᠴᠠ ᠠᠩᠬᠢᠵᠢᠷᠠᠭᠤᠯᠤᠨ ᠰᠢᠨ᠎ᠡ ᠬᠦᠳᠡᠭᠡ ᠲᠤᠰᠬᠤᠨ ᠢ ᠪᠦᠲᠤᠭᠡᠨ ᠪᠠᠶᠢᠭᠤᠯᠵᠤ᠂ ᠴᠢᠨᠡᠭᠡᠯᠢᠭ ᠠᠮᠢᠳᠤᠷᠠᠯ ᠢ ᠴᠣᠭᠴᠠᠯᠠᠬᠤ ᠳᠤ ᠣᠷᠤᠨ ᠰᠠᠭᠤᠴᠠ ᠶᠢᠨ ᠦᠨᠳᠤᠰᠤᠨ ᠨᠦᠬᠦᠴᠡᠯ ᠢ ᠰᠠᠶᠢᠵᠢᠷᠠᠭᠤᠯᠬᠤ ᠪᠣᠯ ᠮᠡᠳᠡᠭᠡᠵᠢ ᠪᠠᠷ ᠨᠢᠭᠡᠨ ᠴᠢᠬᠤᠯᠠ ᠠᠵᠢᠯ ᠪᠣᠯᠬᠤ ᠨᠢ ᠭᠠᠷᠴᠠᠭ᠎ᠠ ᠦᠭᠡᠢ᠃ ᠠᠰᠢᠬᠠᠨ ᠰᠣᠮᠣ ᠨᠢ ᠣᠶᠢᠷ᠎ᠡ ᠶᠢᠨ ᠬᠤᠭᠤᠴᠠᠭᠠᠨ ᠳᠤ ᠶᠠᠳᠠᠭᠤ ᠬᠦᠴᠢᠷᠲᠡᠢ ᠡᠷᠤᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠪᠦᠬᠦᠨ ᠢ ᠰᠢᠨᠡᠳᠭᠡᠨ ᠪᠠᠶᠢᠭᠤᠯᠬᠤ ᠠᠵᠢᠯ ᠢ ᠳᠠᠭᠤᠰᠬᠠᠬᠤ ᠪᠠᠷ ᠲᠦᠯᠦᠪᠯᠡᠵᠦ᠂ ᠨᠤᠷᠠᠬᠤ ᠠᠶᠤᠯᠲᠠᠢ ᠭᠡᠷ ᠪᠠᠷᠢᠯᠭ᠎ᠠ ᠦᠭᠡᠢ ᠰᠣᠮᠣ ᠪᠣᠯᠬᠤ ᠪᠠᠷ ᠴᠢᠷᠮᠠᠶᠢᠨ ᠠᠵᠢᠯᠯᠠᠵᠤ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号