ᠬᠠᠷᠠᠭᠠᠯᠵᠠᠨ ᠬᠠᠮᠠᠭᠠᠯᠠᠭᠴᠢ ᠦᠷ᠎ᠡ ᠬᠡᠥᠭᠡᠳ ᠢᠶᠠᠨ ᠲᠡᠵᠢᠭᠡᠬᠦ ᠴᠢᠳᠠᠯ ᠦᠭᠡᠢ ᠪᠣᠯ ᠵᠠᠰᠠᠭ ᠤᠨ ᠣᠷᠳᠣᠨ ᠠᠴᠠ ᠬᠠᠷᠠᠭᠠᠯᠵᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2016/9/9
     ᠣᠶᠢᠷ᠎ᠠ ᠶᠢᠨ ᠡᠳᠦᠷ ᠨᠡᠶᠢᠲᠡᠯᠡᠭᠰᠡᠨ ︽ᠶᠠᠳᠠᠭᠤ ᠬᠦᠴᠢᠷᠳᠡᠯᠲᠡᠢ ᠬᠡᠥᠭᠡᠳ ᠢ ᠪᠠᠲᠤᠯᠠᠬᠤ ᠠᠵᠢᠯ ᠢ ᠴᠢᠩᠭᠠᠳᠬᠠᠬᠤ ᠲᠣᠬᠠᠢ ᠰᠠᠨᠠᠯ︾ ᠳᠤ᠂ ᠭᠡᠷ ᠪᠦᠯᠢ ᠶᠢᠨ ᠠᠵᠦ ᠠᠬᠤᠢ ᠶᠢᠨ ᠪᠠᠶᠢᠳᠠᠯ ᠶᠠᠳᠠᠭᠤ ᠬᠦᠴᠢᠷᠲᠡᠢ᠂ ᠦᠪᠡᠷ ᠪᠡᠶ᠎ᠡ ᠨᠢ ᠵᠡᠮᠳᠡᠭ ᠪᠣᠶᠤ ᠡᠰᠡᠭᠦᠯ᠎ᠡ ᠬᠠᠷᠠᠭᠠᠯᠵᠠᠨ ᠬᠠᠮᠠᠭᠠᠯᠠᠭᠴᠢ ᠨᠢ ᠠᠰᠠᠷᠠᠨ ᠲᠡᠵᠢᠭᠡᠬᠦ ᠴᠢᠳᠠᠯ ᠦᠭᠡᠢ ᠠᠴᠠ ᠪᠣᠯᠵᠤ ᠬᠦᠴᠢᠷ ᠵᠣᠪᠠᠯᠠᠩ ᠳᠤ ᠤᠨᠠᠭᠰᠠᠨ ᠬᠡᠥᠭᠡᠳ ᠢ ᠲᠦᠷᠤᠯ ᠬᠤᠪᠢᠶᠠᠨ ᠪᠠᠲᠤᠯᠠᠭ᠎ᠠ ᠬᠢᠬᠦ ᠶᠢᠨ ᠬᠠᠮᠲᠤ᠂ ᠬᠠᠷᠠᠭᠠᠯᠵᠠᠨ ᠬᠠᠮᠠᠭᠠᠯᠠᠭᠴᠢ ᠨᠢ ᠬᠦᠨᠳᠦ ᠡᠪᠡᠳᠴᠢᠨ᠂ ᠬᠦᠨᠳᠦ ᠵᠡᠮᠳᠡᠭᠷᠡᠭᠰᠡᠨ ᠠᠴᠠ ᠪᠣᠯᠵᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠵᠤ ᠠᠰᠠᠷᠠᠨ ᠲᠡᠵᠢᠭᠡᠬᠦ ᠴᠢᠳᠠᠯ ᠦᠭᠡᠢ ᠪᠣᠯᠤᠭᠰᠠᠨ ᠵᠡᠷᠭᠡ 4 ᠲᠦᠷᠤᠯ ᠤᠨ ᠬᠡᠥᠭᠡᠳ ᠢ ᠠᠷᠠᠳ ᠤᠨ ᠶᠠᠪᠤᠳᠠᠯ ᠤᠨ ᠶᠠᠮᠤᠨ ᠠᠴᠠ ᠬᠠᠷᠠᠭᠠᠯᠵᠠᠨ ᠬᠠᠮᠠᠭᠠᠯᠠᠬᠤ ᠪᠣᠶᠤ ᠳᠠᠭᠠᠭᠠᠴᠢᠯᠠᠨ ᠬᠠᠮᠢᠶᠠᠷᠤᠨ᠎ᠠ ᠭᠡᠵᠦ ᠳᠤᠷᠠᠳᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号