ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠤᠶᠢᠯᠡᠴᠢᠯᠡᠭᠡᠨ ᠤ ᠠᠵᠢᠯ ᠤᠶᠢᠯᠡᠰ ᠲᠤ ᠲᠤᠰᠬᠠᠢ ᠲᠦᠷᠤᠯ ᠤᠨ ᠪᠠᠶᠢᠴᠠᠭᠠᠯᠲᠠ ᠬᠢᠵᠤ ᠪᠣᠢ
ᠨᠡᠶᠢᠲᠡᠯᠡᠭᠰᠡᠨ ᠴᠠᠭ᠄
2017/1/12
    ᠣᠶᠢᠷ᠎ᠠ ᠳᠤ᠂ ᠣᠩᠨᠢᠭᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ ᠬᠤᠰᠢᠭᠤᠨ ᠤ ᠬᠡᠪᠴᠢᠶᠡᠨ ᠳᠠᠬᠢ ᠢᠳᠡᠭᠡᠨ ᠤᠮᠳᠠᠭᠠᠨ ᠤ ᠤᠶᠢᠯᠡᠴᠢᠯᠡᠭᠡᠨ ᠤ ᠠᠵᠢᠯ ᠤᠶᠢᠯᠡᠰ ᠲᠤ ᠲᠤᠰᠬᠠᠢ ᠲᠦᠷᠤᠯ ᠤᠨ ᠴᠡᠭᠴᠡᠯᠡᠨ ᠪᠠᠶᠢᠴᠠᠭᠠᠬᠤ ᠠᠵᠢᠯᠯᠠᠭᠠᠨ ᠦᠷᠨᠢᠭᠦᠯᠵᠦ᠂ ᠠᠷᠠᠳ ᠣᠯᠠᠨ ᠤ ᠬᠤᠭᠤᠯᠠ ᠤᠮᠳᠠᠭᠠᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠵᠤ ᠪᠠᠶᠢᠨ᠎ᠠ᠃     ᠲᠤᠰ ᠤᠳᠠᠭᠠᠨ ᠤ ᠢᠳᠡᠭᠡᠨ ᠤᠮᠳᠠᠭᠠᠨ ᠤ ᠠᠵᠢᠯ ᠤᠶᠢᠯᠡᠰ ᠲᠤ ᠲᠤᠰᠬᠠᠢ ᠲᠦᠷᠤᠯ ᠢᠶᠠᠷ ᠴᠡᠭᠴᠡᠯᠡᠨ ᠪᠠᠶᠢᠴᠠᠭᠠᠬᠤ ᠠᠵᠢᠯᠯᠠᠭᠠᠨ ᠳᠤ᠂ ᠪᠦᠬᠦ ᠬᠤᠰᠢᠭᠤᠨ ᠤ ᠬᠡᠪᠴᠢᠶᠡᠨ ᠳᠠᠬᠢ ᠶᠡᠭᠡ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠬᠤᠭᠤᠯᠠᠨ ᠭᠡᠷ᠂ ᠭᠤᠣᠯ  ᠲᠣᠭᠤᠭᠠᠨ ᠭᠡᠷ᠂ ᠬᠡᠯᠬᠢᠶᠡᠲᠦ ᠳᠦᠭᠦᠮ ᠬᠤᠭᠤᠯᠠᠨ ᠭᠡᠷ᠂ ᠰᠤᠷᠭᠠᠭᠤᠯᠢ ᠪᠠ ᠬᠡᠥᠭᠡᠳ ᠠᠰᠠᠷᠠᠬᠤ ᠪᠠᠶᠢᠭᠤᠯᠤᠯᠭ᠎ᠠ ᠶᠢᠨ ᠬᠤᠭᠤᠯᠠᠨ ᠭᠡᠷ ᠵᠡᠷᠭᠡ ᠨᠢᠭᠡᠴᠡ ᠪᠠᠷ ᠭᠤᠣᠯᠳᠠᠯᠭ᠎ᠠ ᠪᠣᠯᠭᠠᠨ ᠪᠠᠶᠢᠴᠠᠭᠠᠭᠰᠠᠨ ᠪᠠᠶᠢᠨ᠎ᠠ᠃ ᠬᠠᠥᠯᠢ ᠬᠡᠷᠡᠭᠵᠢᠭᠦᠯᠦᠭᠴᠢ ᠠᠴᠠ ᠢᠳᠡᠭᠡᠨ ᠤᠮᠳᠠᠭᠠᠨ ᠤ ᠡᠵᠡᠩᠨᠡᠯᠲᠡ ᠬᠢᠵᠤ ᠪᠠᠶᠢᠭ᠎ᠠ ᠪᠠᠶᠢᠭᠤᠯᠤᠯᠭ᠎ᠠ ᠨᠢᠭᠡᠴᠡ ᠪᠠ ᠬᠤᠪᠢ ᠬᠦᠮᠤᠨ ᠳᠤ ᠵᠦᠪᠰᠢᠶᠡᠷᠡᠯ ᠤᠨ ᠭᠡᠷᠡᠴᠢ ᠲᠡᠮᠲᠡᠭ ᠪᠠᠶᠢᠬᠤ ᠡᠰᠡᠬᠦ᠂ ᠡᠵᠡᠩᠨᠡᠯᠲᠡ ᠶᠢᠨ ᠣᠷᠴᠢᠨ ᠲᠣᠭᠤᠷᠢᠨ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠᠷᠢᠮᠵᠢᠶᠠᠨ ᠳᠤ ᠬᠦᠷᠤᠭ᠍ᠰᠡᠨ ᠡᠰᠡᠬᠦ ᠠᠰᠠᠭᠤᠳᠠᠯ ᠳᠤ ᠴᠢᠭᠯᠡᠭᠦᠯᠵᠦ᠂ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠵᠢᠱᠢᠶ᠎ᠡ ᠦᠵᠡᠭᠦᠯᠦᠨ ᠵᠢᠯᠤᠭᠤᠳᠴᠤ᠂ ᠦᠨᠳᠤᠰᠤᠨ ᠠᠴᠠ ᠨᠢ ᠠᠷᠢᠯᠭᠠᠬᠤ ᠪᠠᠷ ᠳᠠᠮᠵᠢᠭᠤᠯᠤᠨ ᠳᠦᠷᠢᠮᠵᠢᠭᠦᠯᠦᠯᠲᠡ ᠴᠡᠭᠴᠡᠯᠡᠯᠲᠡ ᠶᠢ ᠴᠢᠩᠭᠠᠳᠬᠠᠭᠰᠠᠨ ᠪᠠᠶᠢᠨ᠎ᠠ᠃     ᠣᠳᠤᠬᠠᠨ ᠪᠣᠯᠲᠠᠯ᠎ᠠ᠂ ᠡᠵᠡᠩᠨᠡᠯᠲᠡ ᠶᠢᠨ ᠭᠡᠷᠡᠴᠢ ᠦᠨᠡᠮᠯᠡᠯ ᠦᠭᠡᠢ 110 ᠢᠳᠡᠭᠡᠨ ᠤᠮᠳᠠᠭᠠᠨ ᠤ ᠤᠶᠢᠯᠡᠴᠢᠯᠡᠭᠡᠨ ᠤ ᠨᠢᠭᠡᠴᠡ᠂ ᠠᠯᠪᠠᠳᠠᠯᠭ᠎ᠠ ᠪᠠᠷ ᠴᠡᠭᠴᠡᠯᠡᠨ ᠵᠠᠰᠠᠬᠤ 257 ᠨᠢᠭᠡᠴᠡ ᠪᠠ 3 ᠨᠢᠭᠡᠴᠡ ᠳᠤ ᠵᠠᠰᠠᠭ ᠵᠠᠬᠢᠷᠭᠠᠨ ᠤ ᠰᠢᠳᠭᠡᠯ ᠣᠯᠭᠤᠵᠤ᠂ 1 ᠨᠢᠭᠡᠴᠡ ᠶᠢ ᠲᠣᠷᠭᠠᠭᠤᠯᠢ ᠶᠢᠨ ᠮᠦᠩᠭᠦ ᠪᠠᠷ ᠶᠠᠯᠠᠳᠠᠭᠰᠠᠨ ᠪᠠᠶᠢᠨ᠎ᠠ᠃                                                 ᠴᠢ ᠬᠠᠢ ᠲᠣᠥ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号