ᠣᠩᠨᠢᠭᠤᠳ ᠬᠤᠰᠢᠭᠤ ᠭᠠᠴᠠᠭ᠎ᠠ ᠲᠣᠰᠬᠤᠨ ᠳᠡᠰ ᠤᠨ ᠪᠡᠯᠡᠳᠭᠡᠯ ᠺᠠᠳ᠋ᠷ ᠤᠨ ᠡᠩᠨᠡᠭᠡᠨ ᠤ ᠪᠦᠲᠤᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2017/1/19
    ᠣᠶᠢᠷ᠎ᠠ ᠶᠢᠨ ᠵᠢᠯ ᠳᠤ᠂ ᠣᠩᠨᠢᠭᠤᠳ ᠬᠤᠰᠢᠭᠤ ᠴᠢᠳᠠᠪᠦᠷᠢᠲᠠᠨ ᠰᠤᠩᠭᠤᠬᠤ ᠴᠢᠳᠠᠪᠦᠷᠢᠲᠡᠨ ᠬᠦᠮᠦᠵᠢᠭᠦᠯᠬᠦ ᠠᠷᠭ᠎ᠠ ᠵᠠᠮ ᠢ ᠦᠷᠭᠡᠵᠢᠭᠦᠯᠬᠦ᠂ ᠬᠦᠮᠦᠵᠢᠭᠦᠯᠦᠨ ᠪᠣᠯᠪᠠᠰᠤᠷᠠᠭᠤᠯᠬᠤ ᠬᠦᠴᠦᠯᠡᠴᠡ ᠪᠠᠨ ᠴᠢᠩᠭᠠᠳᠬᠠᠬᠤ᠂ ᠤᠷᠮᠠᠰᠢᠭᠤᠯᠤᠨ ᠬᠢᠨᠠᠨ ᠰᠢᠯᠭᠠᠬᠤ ᠵᠡᠷᠭᠡ ᠲᠠᠯ᠎ᠠ ᠪᠠᠷ ᠬᠦᠴᠤ ᠲᠠᠯᠪᠢᠵᠦ᠂ ᠪᠦᠲᠤᠴᠡ ᠨᠢ ᠵᠣᠬᠢᠮᠵᠢᠲᠠᠢ᠂ ᠬᠡᠪ ᠴᠢᠨᠠᠷ ᠰᠢᠯᠢᠳᠡᠭ᠂ ᠴᠢᠳᠠᠪᠦᠷᠢ ᠦᠨᠳᠤᠷ ᠮᠦᠷᠲᠡᠭᠡᠨ ᠣᠯᠠᠨ ᠨᠡᠶᠢᠲᠡ ᠶᠢᠨ ᠬᠦᠷᠢᠶᠡᠯᠡᠯ ᠢ ᠣᠯᠤᠭᠰᠠᠨ ᠭᠠᠴᠠᠭ᠎ᠠ ᠲᠣᠰᠬᠤᠨ  ᠤ ᠳᠡᠰ ᠤᠨ ᠪᠡᠯᠡᠳᠭᠡᠯ ᠺᠠᠳ᠋ᠷ ᠤᠨ ᠡᠩᠨᠡᠭᠡ ᠶᠢ ᠢᠳᠡᠪᠬᠢᠲᠡᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠤᠨ ᠳᠤ ᠪᠦᠬᠦ ᠲᠠᠯ᠎ᠠ ᠶᠢᠨ ᠦᠭᠡᠷᠡᠴᠢᠯᠡᠯᠲᠡ ᠬᠢᠵᠦ ᠬᠦᠭᠵᠢᠭᠦᠯᠦᠨ᠂ ᠨᠡᠶᠢᠭᠡᠮ ᠵᠢᠷᠤᠮᠲᠤ ᠡᠶ᠎ᠡ ᠵᠣᠬᠢᠴᠠᠯᠲᠤ ᠨᠡᠶᠢᠭᠡᠮ ᠢ ᠪᠦᠲᠤᠭᠡᠨ ᠪᠠᠶᠢᠭᠤᠯᠬᠤ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃     ᠪᠡᠯᠡᠳᠭᠡᠯ ᠺᠠᠳ᠋ᠷ ᠤᠨ ᠡᠩᠨᠡᠭᠡᠨ ᠤ ᠶᠠᠰᠤ ᠴᠢᠨᠠᠷ ᠢ ᠪᠠᠲᠤᠯᠠᠬᠤ ᠶᠢᠨ ᠲᠦᠯᠦᠭᠡ᠂ ᠳᠡᠭᠡᠳᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ᠂ ᠴᠡᠷᠢᠭ ᠠᠴᠠ ᠬᠠᠯᠠᠭᠳᠠᠭᠰᠠᠳ᠂ ᠮᠠᠯᠵᠢᠬᠤ ᠲᠠᠷᠢᠶᠠᠯᠠᠬᠤ ᠣᠷᠤᠨ ᠤ ᠬᠡᠷᠡᠭᠯᠡᠭᠡᠨ ᠤ ᠮᠡᠷᠭᠡᠵᠢᠯ ᠤᠨ ᠴᠢᠳᠠᠪᠦᠷᠢᠲᠡᠨ᠂ ᠰᠢᠯᠢᠳᠡᠭ ᠨᠠᠮ ᠤᠨ ᠭᠡᠰᠢᠭᠦᠨ ᠤ ᠳᠤᠮᠳᠠ ᠠᠴᠠ ︵ᠤᠯᠤᠰ ᠲᠦᠷᠤ ᠶᠢᠨ ᠬᠡᠪ ᠴᠢᠨᠠᠷ ᠴᠢᠩᠭ᠎ᠠ᠂ ᠠᠵᠢᠯ ᠢᠶᠠᠨ ᠳᠡᠭᠡᠳᠤᠯᠡᠬᠦ ᠦᠵᠡᠯ ᠤᠬᠠᠮᠰᠠᠷ ᠴᠢᠩᠭ᠎ᠠ ᠂ ᠪᠠᠶᠠᠵᠢᠨ ᠴᠢᠨᠡᠭᠡᠯᠢᠭᠵᠢᠬᠦ ᠴᠢᠳᠠᠪᠦᠷᠢ ᠴᠢᠩᠭ᠎ᠠ︶ ᠴᠢᠳᠠᠪᠦᠷᠢᠲᠡᠨ ᠢ ᠰᠤᠩᠭᠤᠵᠤ᠂ ᠭᠤᠣᠯᠳᠠᠯᠭ᠎ᠠ ᠲᠠᠢ ᠬᠦᠮᠦᠵᠢᠭᠦᠯᠪᠡ᠃ ᠰᠣᠮᠣ ᠰᠢᠶᠠᠩ ᠤᠨ ᠨᠠᠮ ᠤᠨ ᠬᠤᠷᠢᠶ᠎ᠠ᠂ ᠭᠠᠴᠠᠭ᠎ᠠ ᠲᠤᠰᠬᠤᠨ ᠤ ᠬᠤᠶᠠᠷ ᠵᠦᠪᠯᠡᠯ ᠪᠠ ᠨᠠᠮ ᠤᠨ ᠭᠡᠰᠢᠭᠦᠨ᠂ ᠠᠷᠠᠳ ᠲᠦᠮᠡᠨ ᠠᠴᠠ ᠰᠤᠩᠭᠤᠨ ᠲᠠᠨᠢᠯᠴᠠᠭᠤᠯᠬᠤ᠂ ᠬᠤᠪᠢ ᠬᠦᠮᠦᠨ ᠦᠪᠡᠷ ᠢ ᠪᠠᠨ ᠲᠠᠨᠢᠯᠴᠠᠭᠤᠯᠬᠤ ᠵᠡᠷᠭᠡ ᠳᠦᠷᠪᠡᠨ ᠵᠤᠶᠢᠯ ᠤᠨ ᠠᠷᠭ᠎ᠠ ᠪᠠᠷ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠡᠷᠬᠡ ᠲᠡᠭᠰᠢ᠂ ᠡᠵᠡᠩᠨᠡᠯᠲᠡ ᠶᠢ ᠣᠶᠢᠯᠠᠭᠠᠬᠤ᠂ ᠬᠠᠮᠢᠶᠠᠷᠤᠯᠲᠠ ᠶᠢᠨ ᠴᠢᠳᠠᠪᠦᠷᠢ ᠴᠢᠩᠭ᠎ᠠ ᠬᠦᠮᠦᠨ ᠢ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠪᠡᠯᠡᠳᠭᠡᠯ ᠺᠠᠳ᠋ᠷ ᠢᠶᠠᠷ ᠰᠤᠩᠭᠤᠬᠤ ᠶᠢᠨ ᠬᠠᠮᠲᠤ ᠭᠠᠴᠠᠭ᠎ᠠ ᠲᠤᠰᠬᠤᠨ ᠤ ᠠᠬᠠᠮᠠᠳ ᠨᠠᠮ ᠤᠨ ᠭᠡᠰᠢᠭᠦᠨ ᠵᠢᠴᠢ ᠨᠡᠷ᠎ᠡ ᠬᠦᠨᠳᠦᠲᠡᠢ ᠲᠤᠰᠬᠤᠨ ᠤ ᠠᠷᠠᠳ ᠲᠠᠢ ᠶᠠᠷᠢᠯᠴᠠᠵᠤ᠂ ᠶᠠᠷᠢᠯᠴᠠᠭᠠᠨ ᠤ ᠠᠭᠤᠯᠭ᠎ᠠ ᠶᠢ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠮᠡᠳᠡᠭᠦᠯᠦᠨ᠂ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶᠠᠨ ᠠᠴᠠ ᠪᠡᠯᠡᠳᠭᠡᠯ ᠺᠠᠳ᠋ᠷ ᠢ ᠪᠠᠲᠤᠯᠠᠨ ᠲᠣᠭᠲᠠᠭᠠᠵᠤ᠂ ᠭᠠᠴᠠᠭ᠎ᠠ ᠲᠤᠰᠬᠤᠨ ᠳᠡᠰ ᠤᠨ ᠪᠡᠯᠡᠳᠭᠡᠯ ᠺᠠᠳ᠋ᠷ ᠤᠨ ᠴᠢᠳᠠᠪᠦᠷᠢᠲᠡᠨ ᠤ ᠬᠦᠮᠦᠷᠭᠡ ᠪᠠᠶᠢᠭᠤᠯᠵᠤ᠂ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶᠠᠨ ᠠᠴᠠ ᠨᠢᠭᠡᠲᠦᠯᠲᠡᠢ ᠬᠠᠮᠢᠶᠠᠷᠤᠯᠲᠠ ᠬᠢᠪᠡ᠃ ᠣᠳᠤᠬᠠᠨ ᠪᠣᠯᠲᠠᠯ᠎ᠠ ᠪᠦᠬᠦ ᠬᠤᠰᠢᠭᠤ ᠨᠡᠶᠢᠲᠡ 1417 ᠨᠡᠷᠡᠰ ᠭᠠᠴᠠᠭ᠎ᠠ ᠲᠤᠰᠬᠤᠨ ᠳᠡᠰ ᠤᠨ ᠪᠡᠯᠡᠳᠭᠡᠯ ᠺᠠᠳ᠋ᠷ ᠤᠨ ᠴᠢᠳᠠᠪᠦᠷᠢᠲᠡᠨ ᠤ ᠬᠦᠮᠦᠷᠭᠡ ᠪᠠᠶᠢᠭᠤᠯᠤᠭᠰᠠᠨ ᠪᠠᠶᠢᠨ᠎ᠠ᠃     ᠪᠡᠯᠡᠳᠭᠡᠯ ᠺᠠᠳ᠋ᠷ ᠢ ᠦᠳᠳᠡᠷ ᠲᠦᠷᠭᠡᠨ ᠬᠦᠮᠦᠵᠢᠭᠦᠯᠬᠦ ᠶᠢᠨ ᠲᠦᠯᠦᠭᠡ᠂ ᠭᠠᠴᠠᠭ᠎ᠠ ᠲᠤᠰᠬᠤᠨ ᠳᠡᠰ ᠤᠨ ᠪᠡᠯᠡᠳᠭᠡᠯ ᠺᠠᠳ᠋ᠷ ᠤᠨ ᠠᠵᠢᠯ ᠤᠨ ᠬᠠᠷᠢᠭᠤ ᠮᠡᠳᠡᠭᠦᠯᠬᠦ ᠳᠦᠷᠢᠮ ᠢ ᠲᠣᠭᠲᠠᠭᠠᠵᠤ᠂ ᠵᠢᠯ ᠪᠦᠷᠢ ᠶᠢᠨ ᠭᠠᠴᠠᠭ᠎ᠠ ᠲᠤᠰᠬᠤᠨ ᠬᠤᠶᠠᠷ ᠵᠦᠪᠯᠡᠯ ᠤᠨ ᠬᠤᠷᠠᠯ ᠪᠣᠶᠤ ᠨᠠᠮ ᠤᠨ ᠭᠡᠰᠢᠭᠦᠳ ᠤᠨ ᠶᠡᠭᠡ ᠬᠤᠷᠠᠯ ᠳᠡᠭᠡᠷ᠎ᠡ ᠠᠵᠢᠯ ᠤᠨ ᠬᠠᠷᠢᠭᠤ ᠮᠡᠳᠡᠭᠦᠯᠦᠯᠲᠡ ᠬᠢᠯᠭᠡᠵᠦ᠂ ᠠᠵᠢᠯ ᠤᠨ ᠬᠠᠷᠢᠭᠤᠴᠠᠯᠭ᠎ᠠ ᠡᠭᠦᠷᠭᠡ ᠪᠠᠨ ᠱᠠᠯᠠᠪᠳᠠᠨ᠂ ᠶᠠᠷᠢᠵᠤ ᠢᠯᠡᠳᠭᠡᠬᠦ ᠴᠢᠳᠠᠪᠦᠷᠢ ᠶᠢ ᠨᠢ ᠪᠣᠯᠪᠠᠰᠤᠷᠠᠭᠤᠯᠪᠠ᠃ ᠲᠤᠰᠢᠶᠠᠯ ᠳᠤ ᠪᠠᠶᠢᠭ᠎ᠠ ᠺᠠᠳ᠋ᠷ ᠪᠡᠯᠡᠳᠭᠡᠯ ᠺᠠᠳ᠋ᠷ ᠢ ᠬᠠᠪᠰᠤᠷᠤᠨ ᠬᠦᠮᠦᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠣᠳᠤᠬᠠᠨ ᠳᠤ ᠲᠤᠰᠢᠶᠠᠯ ᠳᠤ ᠪᠠᠶᠢᠭ᠎ᠠ ᠭᠠᠴᠠᠭ᠎ᠠ ᠲᠤᠰᠬᠤᠨ ᠬᠤᠶᠠᠷ ᠵᠦᠪᠯᠡᠯ ᠤᠨ ᠺᠠᠳ᠋ᠷ ᠨᠢᠭᠡ ᠪᠣᠶᠣ ᠬᠤᠶᠠᠷ ᠪᠡᠯᠡᠳᠭᠡᠯ ᠺᠠᠳ᠋ᠷ ᠢ ᠳᠠᠭᠠᠭᠠᠴᠢᠯᠠᠨ᠂ ᠪᠡᠯᠡᠳᠭᠡᠯ ᠺᠠᠳ᠋ᠷ ᠢ ᠬᠠᠪᠰᠤᠷᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠠᠵᠢᠯ ᠤᠨ ᠴᠢᠳᠠᠪᠦᠷᠢ ᠶᠢ ᠨᠢ ᠳᠡᠭᠡᠭᠰᠢᠯᠡᠭᠦᠯᠪᠡ᠃ ᠪᠡᠯᠡᠳᠭᠡᠯ ᠺᠠᠳ᠋ᠷ ᠤᠨ ᠵᠢᠩᠬᠢᠨᠢ ᠲᠤᠰᠢᠶᠠᠯ ᠳᠡᠭᠡᠷ᠎ᠡ ᠳᠠᠪᠲᠠᠨ ᠪᠣᠯᠪᠠᠰᠤᠷᠠᠬᠤ ᠳᠦᠷᠢᠮ ᠢ ᠪᠠᠶᠢᠭᠤᠯᠵᠤ᠂ ᠠᠵᠢᠯ ᠤᠨ ᠪᠠᠶᠢᠷᠢ ᠪᠠ ᠬᠦᠮᠦᠨ ᠬᠠᠷᠢᠯᠴᠠᠨ ᠲᠣᠬᠢᠷᠠᠮᠵᠢᠲᠠᠢ ᠪᠠᠶᠢᠬᠤ ᠵᠠᠷᠴᠢᠮ ᠤᠨ ᠶᠣᠰᠤᠭᠠᠷ᠂ ᠪᠡᠯᠡᠳᠭᠡᠯ ᠺᠠᠳ᠋ᠷ ᠭᠠᠴᠠᠭᠠᠨ ᠳᠠᠷᠤᠭ᠎ᠠ ᠪᠣᠶᠣ ᠲᠤᠰᠬᠤᠨ ᠤ ᠳᠠᠷᠤᠭ᠎ᠠ ᠶᠢᠨ ᠲᠤᠰᠠᠯᠠᠭᠴᠢ᠂ ᠵᠢᠭᠤᠷᠠᠯᠳᠤᠭᠠᠨ ᠢ ᠡᠶᠡᠲᠡᠭᠦᠯᠦᠭᠴᠢ᠂ ᠲᠦᠷᠤ ᠶᠢᠨ ᠪᠣᠳᠤᠯᠭ᠎ᠠ ᠶᠢ ᠤᠬᠠᠭᠤᠯᠤᠭᠴᠢ᠂ ᠡᠮᠡᠭᠲᠡᠶᠢᠴᠦᠳ ᠤᠨ ᠬᠤᠯᠪᠤᠭᠠᠴᠢᠨ᠂ ᠠᠷᠠᠳ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠤᠭᠴᠢ ᠵᠡᠷᠭᠡ ᠲᠤᠰᠢᠶᠠᠯ ᠢ ᠬᠠᠷᠢᠭᠤᠴᠠᠵᠤ᠂ ᠰᠤᠷᠤᠯᠴᠠᠯᠭ᠎ᠠ ᠪᠠ ᠤᠶᠢᠯᠡᠳᠤᠯᠭᠡ ᠶᠢᠨ ᠶᠠᠪᠤᠴᠠ ᠳᠤ ᠭᠠᠴᠠᠭ᠎ᠠ ᠲᠤᠰᠬᠤᠨ ᠳᠡᠰ ᠤᠨ ᠬᠡᠷᠡᠭ ᠶᠠᠪᠤᠳᠠᠯ ᠢ ᠰᠢᠢᠳᠪᠦᠷᠢᠯᠡᠬᠦ ᠠᠷᠭ᠎ᠠ ᠪᠠᠷᠢᠯ ᠪᠠ ᠣᠯᠠᠨ ᠲᠦᠮᠡᠨ ᠤ ᠠᠵᠢᠯ ᠬᠢᠬᠦ ᠲᠣᠷᠰᠢᠯᠭ᠎ᠠ ᠶᠢ ᠰᠤᠷᠤᠯᠴᠠᠵᠤ ᠪᠠᠶᠢᠨ᠎ᠠ᠃     ᠪᠡᠯᠡᠳᠭᠡᠯ ᠺᠠᠳ᠋ᠷ ᠤᠨ ᠦᠰᠤᠨ ᠪᠣᠶᠢᠵᠢᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠪᠣᠢ ᠪᠣᠯᠭᠠᠬᠤ ᠶᠢᠨ ᠲᠦᠯᠦᠭᠡ᠂ ᠭᠠᠴᠠᠭ᠎ᠠ ᠲᠤᠰᠬᠤᠨ ᠤ ᠳᠡᠰ ᠤᠨ ᠪᠡᠯᠡᠳᠭᠡᠯ ᠺᠠᠳ᠋ᠷᠴᠤᠳ ᠲᠤ ᠳᠠᠩᠰᠠ ᠵᠣᠬᠢᠶᠠᠵᠤ ᠴᠢᠳᠠᠪᠦᠷᠢᠲᠡᠨ ᠤ ᠬᠦᠮᠦᠷᠭᠡ ᠪᠠᠶᠢᠭᠤᠯᠤᠨ᠂ ᠬᠦᠳᠡᠯᠦᠩᠭᠦᠢ ᠮᠦᠷᠲᠡᠨ ᠳᠠᠭᠠᠬᠤ ᠬᠠᠮᠢᠶᠠᠷᠤᠯᠲᠠ ᠬᠢᠬᠦ ᠶᠢ ᠪᠡᠶᠡᠯᠡᠭᠦᠯᠪᠡ᠃ ᠤᠷᠮᠠᠰᠢᠭᠤᠯᠤᠨ ᠵᠣᠷᠢᠭᠵᠢᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡᠳᠭᠡᠯ ᠺᠠᠳ᠋ᠷ ᠤᠯᠠᠷᠢᠯ ᠪᠦᠷᠢ ᠭᠠᠴᠠᠭ᠎ᠠ ᠲᠤᠰᠬᠤᠨ ᠤ ᠨᠠᠮ ᠤᠨ ᠡᠭᠦᠷ ᠲᠤ ᠨᠢᠭᠡ ᠤᠳᠠᠭ᠎ᠠ ᠦᠵᠡᠯ ᠰᠠᠨᠠᠭᠠᠨ ᠤ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠵᠤ᠂ ᠭᠠᠴᠠᠭ᠎ᠠ ᠲᠤᠰᠬᠤᠨ ᠤ ᠨᠠᠮ ᠤᠨ ᠡᠭᠦᠷ ᠤᠨ ᠬᠠᠭᠠᠰ ᠵᠢᠯ ᠪᠦᠷᠢ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶᠠᠨ   ᠳᠤ ᠪᠡᠯᠡᠳᠭᠡᠯ ᠺᠠᠳ᠋ᠷ ᠢ ᠬᠦᠮᠦᠵᠢᠭᠦᠯᠵᠦ ᠪᠠᠶᠢᠭ᠎ᠠ ᠪᠠᠶᠢᠳᠠᠯ ᠢᠶᠠᠨ ᠮᠡᠳᠡᠭᠦᠯᠦᠨ᠂ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶᠠᠨ ᠠᠴᠠ ᠬᠠᠭᠠᠰ ᠵᠢᠯ ᠳᠤ ᠨᠢᠭᠡ ᠤᠳᠠᠭ᠎ᠠ ᠬᠢᠨᠠᠨ ᠰᠢᠯᠭᠠᠯᠲᠠ ᠬᠢᠵᠤ᠂ ᠪᠡᠯᠡᠳᠭᠡᠯ ᠺᠠᠳ᠋ᠷ ᠤᠨ ᠦᠵᠡᠯ ᠰᠠᠨᠠᠭ᠎ᠠ ᠶᠣᠰᠤ ᠰᠤᠷᠲᠠᠬᠤᠨ ᠤ ᠬᠡᠪ ᠴᠢᠨᠠᠷ᠂ ᠠᠷᠢᠭᠤᠨ ᠴᠢᠭᠡᠴᠢ ᠂ ᠠᠵᠢᠯ ᠢ ᠨᠠᠶᠢᠲᠠᠪᠦᠷᠢᠵᠢᠭᠤᠯᠬᠤ ᠴᠢᠳᠠᠪᠦᠷᠢ ᠵᠡᠷᠭᠡ ᠳᠤ ᠪᠠᠶᠢᠴᠠᠭᠠᠯᠲᠠ ᠬᠢᠵᠤ᠂ ᠰᠢᠯᠢᠳᠡᠭ ᠬᠢᠷᠢ ᠪᠦᠲᠦᠮᠵᠢ ᠣᠯᠤᠭᠰᠠᠨ ᠪᠡᠯᠡᠳᠭᠡᠯ ᠺᠠᠳ᠋ᠷ ᠢ ᠭᠠᠴᠠᠭ᠎ᠠ ᠲᠤᠰᠬᠤᠨ ᠤ ᠬᠤᠭᠤᠴᠠᠭ᠎ᠠ ᠰᠣᠯᠢᠬᠤ ᠰᠤᠩᠭᠤᠭᠤᠯᠢ ᠠᠴᠠ ᠡᠮᠤᠨ᠎ᠡ ᠲᠤᠰᠬᠤᠨ ᠤ ᠶᠠᠪᠤᠳᠠᠯ ᠢ ᠢᠯᠡ ᠪᠣᠯᠭᠠᠬᠤ ᠪᠣᠯᠤᠩ ᠳᠡᠭᠡᠷ᠎ᠡ ᠭᠤᠣᠯᠳᠠᠯᠭ᠎ᠠ ᠲᠠᠢ ᠲᠠᠨᠢᠯᠴᠠᠭᠤᠯᠵᠤ᠂ ᠠᠷᠠᠳ ᠣᠯᠠᠨ ᠤ ᠵᠦᠪᠰᠢᠶᠡᠷᠡᠯ ᠢ ᠣᠯᠤᠭᠰᠠᠨ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠭᠡᠰᠢᠭᠦᠨ ᠪᠣᠯᠬᠤ ᠨᠦᠭᠦᠴᠡᠯ ᠳᠤ ᠨᠡᠶᠢᠴᠡᠬᠦ ᠪᠣᠯᠤᠨ᠎ᠠ᠃ ᠭᠤᠷᠪᠠᠨ ᠵᠢᠯ ᠤᠨ ᠲᠣᠷᠰᠢ᠂ ᠨᠢᠭᠡᠨᠲᠡ 349 ᠰᠢᠯᠢᠳᠡᠭ ᠪᠡᠯᠡᠳᠭᠡᠯ ᠺᠠᠳ᠋ᠷ ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠶᠠᠪᠤᠴᠠ ᠪᠠᠷ ᠳᠠᠮᠵᠢᠵᠤ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠤᠳᠤᠷᠢᠳᠬᠤ ᠪᠠᠭ ᠤᠨ ᠭᠡᠰᠢᠭᠦᠨ ᠤ ᠡᠩᠨᠡᠭᠡᠨ ᠳᠤ ᠣᠷᠤᠭᠰᠠᠨ ᠪᠠᠶᠢᠨ᠎ᠠ᠃                                           ︵ᠸᠠᠩ ᠬᠤᠩ ᠢᠦᠢ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号