ᠬᠠᠮᠤᠭ ᠤᠨ ᠰᠢᠨ᠎ᠡ ᠪᠠᠷ ᠨᠡᠶᠢᠲᠡᠯᠡᠭᠳᠡᠭᠡ 20 ᠵᠤᠶᠢᠯ ᠤᠨ ᠤᠷᠲᠤ ᠨᠠᠰᠤᠯᠠᠬᠤ ᠠᠷᠭ᠎ᠠ ᠠᠪᠴᠠᠯ
ᠨᠡᠶᠢᠲᠡᠯᠡᠭᠰᠡᠨ ᠴᠠᠭ᠄
2017/1/4
    ᠣᠶᠢᠷ᠎ᠠ ᠶᠢᠨ ᠬᠤᠭᠤᠴᠠᠭᠠᠨ ᠳᠤ᠂ ᠣᠯᠠᠩᠬᠢ ᠤᠯᠤᠰ ᠤᠨ ᠬᠢᠨ ᠬᠠᠮᠤᠭ ᠤᠨ ᠰᠢᠨ᠎ᠡ 20 ᠵᠤᠶᠢᠯ ᠤᠨ ᠤᠷᠲᠤ ᠨᠠᠰᠤᠯᠠᠬᠤ ᠠᠷᠭ᠎ᠠ ᠠᠪᠴᠠᠯ ᠢ ᠨᠡᠶᠢᠲᠡᠯᠡᠭᠰᠡᠨ ᠪᠠᠶᠢᠨ᠎ᠠ᠃     1.ᠳᠠᠭᠤᠤ ᠳᠠᠭᠤᠯᠠᠬᠤ     ᠠᠮᠧᠷᠢᠺᠠ ᠶᠢᠨ ᠨᠠᠰᠤᠲᠠᠶᠢᠴᠤᠳ ᠤᠨ ᠨᠡᠶᠢᠭᠡᠮᠯᠢᠭ ᠤᠨ ᠰᠣᠳᠤᠯᠭᠠᠨ ᠤ ᠲᠦᠪ ᠤᠨ ᠬᠢᠨ ᠪᠠᠶᠢᠴᠠᠭᠠᠨ ᠰᠣᠳᠤᠯᠤᠭᠠᠳ ᠣᠯᠵᠤ ᠮᠡᠳᠡᠭᠰᠡᠨ ᠢᠶᠠᠷ᠄ ᠳᠠᠭᠤᠴᠢᠨ ᠤ ᠵᠢᠷᠤᠬᠡᠨ ᠤ ᠤᠶᠢᠯᠡᠳᠤᠯ ᠴᠢᠳᠠᠪᠬᠢ ᠨᠢ ᠡᠩ ᠤᠨ ᠬᠦᠮᠤᠨ  ᠤ ᠬᠢ ᠶᠢ ᠪᠣᠳᠤᠪᠠᠯ ᠨᠡᠩ ᠠᠮᠢᠳᠤ ᠴᠣᠪᠤᠭᠤᠯᠢᠭ ᠪᠠᠶᠢᠵᠤ᠂ ᠳᠠᠭᠤᠤ ᠳᠠᠭᠤᠯᠠᠬᠤ ᠨᠢ ᠬᠦᠮᠦᠨ ᠢ ᠤᠷᠲᠤ ᠨᠠᠰᠤᠯᠠᠭᠤᠯᠳᠠᠭ  ᠪᠠᠶᠢᠨ᠎ᠠ᠃     2.ᠭᠦᠶᠤᠬᠦ     ᠠᠮᠧᠷᠢᠺᠠ ᠶᠢᠨ ᠨᠢᠭᠡᠨ ᠶᠡᠭᠡ ᠬᠡᠪ ᠶᠠᠩᠵᠤ ᠶᠢᠨ ᠰᠣᠳᠤᠯᠭᠠᠨ ᠤ ᠢᠯᠡᠷᠡᠭᠦᠯᠦᠭᠰᠡᠨ ᠢᠶᠠᠷ  ᠂ ᠡᠳᠦᠷ ᠪᠦᠷᠢ ᠭᠦᠶᠤᠳᠡᠭ ᠬᠦᠮᠦᠨ ᠨᠢ ᠭᠦᠶᠤᠬᠦ ᠳᠠᠳᠬᠠᠯ ᠦᠭᠡᠢ ᠬᠦᠮᠦᠨ ᠠᠴᠠ ᠲᠡᠭᠰᠢᠳᠭᠡᠭᠡᠳ 3 ᠵᠢᠯ ᠤᠷᠲᠤ ᠨᠠᠰᠤᠯᠠᠳᠠᠭ ᠪᠦᠭᠡᠳ ᠪᠠᠰᠠ ᠡᠳᠦᠷ ᠪᠦᠷᠢ 5 ᠮᠢᠨᠦ᠋ᠲ ᠭᠦᠶᠤᠪᠡᠯ ᠡᠷᠡᠭᠦᠯ ᠡᠩᠬᠡ ᠶᠢᠨ ᠦᠷ᠎ᠡ ᠳ᠋ᠦᠩ ᠳᠤ ᠬᠦᠷᠴᠤ ᠴᠢᠳᠡᠳᠠᠭ ᠪᠠᠶᠢᠨ᠎ᠠ᠃     3.ᠪᠢᠳᠡᠬᠢ ᠤᠳᠠᠭᠠᠨ ᠰᠠᠭᠤᠭᠠᠴᠢ     ᠡᠳᠦᠷ ᠪᠦᠷᠢ 3 ᠴᠠᠭ ᠨᠠᠮᠵᠢᠭᠤᠨ ᠰᠠᠭᠤᠪᠠᠯ᠂ ᠬᠦᠮᠦᠨ ᠤ ᠤᠷᠢᠳᠴᠢᠯᠠᠭᠰᠠᠨ ᠠᠮᠢ ᠨᠠᠰᠤ 2 ᠵᠢᠯ ᠬᠤᠷᠤᠭᠳᠠᠨ᠎ᠠ᠃     4.ᠰᠢᠷ᠎ᠠ ᠭᠠ ᠢᠳᠡᠨ᠎ᠡ     ᠰᠢᠷ᠎ᠠ ᠭᠠ ᠪᠣᠯ ᠨᠢᠭᠡᠨ ᠵᠤᠶᠢᠯ ᠤᠨ ᠣᠯᠠᠨ ᠵᠤᠶᠢᠯ ᠤᠨ ᠡᠪᠡᠳᠴᠢᠨ ᠡᠮᠵᠡᠭ ᠢ ᠬᠤᠷᠢᠭᠯᠠᠨ ᠬᠠᠰᠢᠬᠤ ᠴᠢᠩᠭ᠎ᠠ ᠰᠦᠷᠡᠬᠡᠢ ᠬᠦᠴᠤᠨ ᠪᠦᠬᠦᠢ ᠢᠰᠤᠯᠳᠦᠬᠦ ᠶᠢ ᠡᠰᠡᠷᠭᠦᠴᠡᠬᠦ ᠡᠮ ᠪᠣᠯᠤᠨ᠎ᠠ᠃     5.ᠺᠠᠯᠤᠷᠢ ᠶᠢ ᠰᠢᠩᠭᠡᠭᠡᠵᠦ ᠠᠪᠬᠤ ᠶᠠᠪᠤᠳᠠᠯ ᠢ ᠪᠠᠭᠠᠰᠬᠠᠬᠤ ᠬᠡᠷᠡᠭᠲᠡᠢᠰᠸᠧᠳ᠋ᠸᠠ ᠤ ᠭᠤᠲ᠋ᠧᠪᠦ᠋ᠷᠡᠭ ᠶᠡᠭᠡ ᠰᠤᠷᠭᠠᠭᠤᠯᠢ ᠶᠢᠨ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠬᠦᠮᠤᠰ ᠺᠠᠯᠤᠷᠢ ᠶᠢ ᠰᠢᠩᠭᠡᠭᠡᠵᠦ ᠠᠪᠬᠤ ᠶᠢ ᠪᠠᠭᠠᠰᠬᠠᠬᠤ ᠨᠢ ᠦᠲᠡᠯᠬᠦ ᠶᠢ ᠤᠳᠠᠭᠠᠰᠢᠷᠠᠭᠤᠯᠵᠤ᠂ ᠰᠢᠬᠢᠷ ᠰᠢᠵᠢᠩ ᠡᠪᠡᠳᠴᠢᠨ ᠂ ᠦᠮᠡᠨ ᠵᠡᠷᠭᠡ ᠨᠠᠰᠤᠲᠠᠶᠢᠴᠤᠳ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠢᠯᠡᠳᠲᠡ ᠪᠠᠭᠤᠷᠠᠭᠤᠯᠳᠠᠭ ᠪᠠᠶᠢᠨ᠎ᠠ᠃     6.ᠨᠣᠭᠤᠭᠠᠨ ᠦᠩᠭᠡᠲᠤ ᠨᠠᠪᠴᠢᠨ ᠨᠣᠭᠤᠭ᠎ᠠ ᠢᠳᠡᠬᠦ     ᠨᠣᠭᠤᠭᠠᠨ ᠦᠩᠭᠡᠳᠤ ᠨᠠᠪᠴᠢᠨ ᠨᠣᠭᠤᠭᠠᠨ ᠳᠤ ᠶᠡᠭᠡ ᠬᠡᠮᠵᠢᠶᠡᠨ ᠤ ᠬᠤ᠋ ᠯᠣᠣᠪᠠᠩ ᠤᠨ ᠡᠳ᠋ ᠬᠢᠭᠡᠳ ᠨᠠᠪᠴᠢᠨ ᠤ ᠰᠢᠷ᠎ᠠ ᠡᠳ᠋ ᠡᠯᠪᠡᠭ ᠪᠠᠶᠠᠯᠢᠭ ᠠᠭᠤᠯᠤᠭᠳᠠᠵᠤ᠂ ᠨᠣᠭᠤᠭᠠᠨ ᠦᠩᠭᠡᠳᠤ ᠨᠠᠪᠴᠢᠨ ᠨᠣᠭᠤᠭ᠎ᠠ ᠶᠢ ᠢᠯᠡᠭᠦᠬᠡᠨ ᠢᠳᠡᠪᠡᠯ ᠶᠠᠰᠤ ᠰᠡᠶᠢᠷᠡᠭᠵᠢᠬᠦ ᠡᠪᠡᠳᠴᠢᠨ ᠭᠡᠮ ᠢ ᠤᠷᠢᠳᠴᠢᠯᠠᠨ ᠰᠡᠷᠭᠡᠶᠢᠯᠡᠵᠦ ᠪᠣᠯᠳᠠᠭ᠃     7.ᠲᠡᠪᠡᠷᠢᠯᠴᠡᠬᠦ     ᠲᠡᠪᠡᠷᠢᠯᠴᠡᠬᠦ ᠨᠢ ᠴᠢᠰᠤᠨ ᠳᠠᠷᠤᠯᠲᠠ ᠶᠢ ᠪᠠᠭᠤᠷᠠᠭᠤᠯᠵᠤ ᠵᠢᠷᠤᠬᠡᠨ ᠳᠤ ᠲᠤᠰᠠᠯᠠᠳᠠᠭ᠃     8.ᠴᠡᠴᠡᠭᠲᠦ ᠪᠦᠭᠡᠷᠡᠩᠬᠡᠢ ᠴᠠᠭᠠᠨ ᠨᠣᠭᠤᠭ᠎ᠠ ᠢᠳᠡᠬᠦ     ᠴᠡᠴᠡᠭᠲᠦ ᠪᠦᠭᠡᠷᠡᠩᠭᠡᠢ ᠴᠠᠭᠠᠨ ᠨᠣᠭᠤᠭ᠎ᠠ ᠨᠢ ᠦᠮᠡᠨ ᠢ ᠤᠷᠢᠳᠴᠢᠯᠠᠨ ᠰᠡᠷᠭᠡᠶᠢᠯᠡᠵᠦ ᠪᠣᠯᠳᠠᠭ ᠠᠴᠠ ᠭᠠᠳᠠᠨ᠎ᠠ ᠪᠠᠰᠠ ᠠᠭᠤᠰᠬᠢᠨ ᠤ ᠬᠡᠰᠡᠭ ᠤᠨ ᠬᠤᠣᠷᠠᠲᠤ ᠪᠠᠺᠲ᠋ᠧᠷᠢ ᠶᠢ ᠴᠡᠪᠡᠷᠯᠡᠨ ᠠᠷᠢᠯᠭᠠᠵᠤ ᠴᠢᠳᠠᠳᠠᠭ᠃     9.ᠤᠨᠲᠠᠬᠤ ᠴᠢᠨᠠᠷ ᠴᠢᠨᠰᠠᠭ᠎ᠠ     ᠠᠮᠧᠷᠢᠺᠠ ᠶᠢᠨ ᠴᠢᠺᠠᠭᠤ᠋ ᠶᠡᠭᠡ ᠰᠤᠷᠭᠠᠭᠤᠯᠢ ᠶᠢᠨ ᠰᠣᠳᠤᠯᠭᠠᠨ ᠳᠤ ᠢᠯᠡᠷᠡᠭᠦᠯᠦᠭᠰᠡᠨ ᠨᠢ ᠤᠨᠲᠠᠬᠤ ᠴᠢᠨᠠᠷ ᠴᠢᠨᠰᠠᠭ᠎ᠠ ᠪᠦᠷᠢᠨ ᠭᠦᠢᠴᠡᠳ ᠦᠭᠡᠢ ᠪᠣᠯ ᠦᠮᠡᠨ ᠳᠤ ᠨᠡᠷᠪᠡᠭᠳᠡᠬᠦ ᠠᠶᠤᠯ ᠲᠦᠭᠰᠢᠭᠦᠷᠢ ᠶᠡᠭᠡ ᠪᠠᠶᠢᠳᠠᠭ᠃    10.ᠪᠠᠶᠠᠰᠤᠩᠭᠤᠢ ᠪᠠᠶᠢᠬᠤ     ᠠᠩᠭ᠍ᠯᠢ ᠶᠢᠨ ᠡᠸ᠋ᠳᠢᠨᠪᠦ᠋ᠷᠡᠭ ᠶᠡᠭᠡ ᠰᠤᠷᠭᠠᠭᠤᠯᠢ ᠶᠢᠨ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠬᠦᠩᠬᠡᠨ ᠰᠢᠭ ᠭᠠᠩᠰᠠᠷᠠᠯ ᠵᠣᠪᠠᠯᠠᠩᠲᠠᠨ ᠤ ᠵᠢᠷᠤᠬᠡᠨ ᠡᠪᠡᠳᠴᠢᠨ ᠢᠶᠠᠷ ᠦᠬᠦᠬᠦ ᠪᠠ ᠰᠠ ᠳᠠᠭᠠᠷᠢᠬᠤ ᠠᠶᠤᠯ ᠲᠦᠭᠰᠢᠭᠦᠷᠢ ᠨᠢ ᠡᠩ ᠤᠨ ᠬᠦᠮᠦᠨ ᠤ ᠬᠢ ᠠᠴᠠ 29% ᠦᠨᠳᠤᠷ ᠪᠠᠶᠢᠳᠠᠭ᠃    11.ᠰᠢᠬᠢᠷ ᠳᠤᠲᠠᠭᠤ ᠢᠳᠡᠬᠦ     ᠰᠢᠬᠢᠷ ᠰᠢᠩᠭᠡᠭᠡᠵᠦ ᠠᠪᠬᠤ ᠬᠡᠮᠵᠢᠶᠡᠨ ᠤ ᠨᠡᠮᠡᠭᠳᠡᠬᠦ ᠶᠢ ᠳᠠᠭᠠᠯᠳᠤᠨ᠂ ᠬᠦᠮᠤᠰ ᠤᠨ ᠵᠢᠷᠤᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠢᠯᠡᠳᠲᠡ ᠨᠡᠮᠡᠭᠳᠡᠳᠡᠭ ᠪᠠᠶᠢᠨ᠎ᠠ᠃    12.ᠲᠠᠶᠢᠪᠤᠭᠤ ᠲᠣᠭᠲᠠᠭᠤᠨ ᠪᠠᠶᠢᠬᠤ     ᠬᠠᠹᠧ ᠶᠡᠭᠡ ᠰᠤᠷᠭᠠᠭᠤᠯᠢ ᠶᠢᠨ ᠰᠣᠳᠤᠯᠭᠠᠲᠠᠳ ᠤᠨ ᠢᠯᠡᠷᠡᠭᠦᠯᠦᠭᠰᠡᠨ ᠢᠶᠠᠷ᠂ ᠬᠢᠯᠢᠩ ᠬᠤᠷᠤᠰᠤᠯ ᠪᠠᠳᠠᠷᠠᠭᠰᠠᠨ ᠤ ᠳᠠᠷᠠᠭᠠᠬᠢ ᠬᠤᠶᠠᠷ ᠴᠠᠭ ᠤᠨ ᠳᠣᠳᠤᠷ᠎ᠠ ᠬᠦᠮᠤᠰ ᠤᠨ ᠵᠢᠷᠤᠬᠡᠨ ᠡᠪᠡᠳᠴᠢᠨ ᠬᠦᠳᠡᠯᠬᠦ ᠠᠶᠤᠯ ᠲᠦᠭᠰᠢᠭᠦᠷᠢ ᠪᠠᠷᠤᠭ 5 ᠳᠠᠬᠢᠨ ᠨᠡᠮᠡᠭᠳᠡᠳᠡᠭ᠃ ᠰᠠ ᠳᠠᠭᠠᠷᠢᠬᠤ ᠠᠶᠤᠯ ᠲᠦᠭᠰᠢᠭᠦᠷᠢ 3 ᠳᠠᠬᠢᠨ ᠠᠴᠠ ᠪᠠᠰᠠ ᠢᠯᠡᠭᠦᠦ ᠪᠣᠯᠳᠠᠭ᠃    13.ᠴᠠᠢ ᠤᠤᠭᠤᠬᠤ     ᠠᠮᠧᠷᠢᠺᠠ ᠶᠢᠨ ᠮᠠᠷᠱᠧᠨ ᠠᠵᠤ ᠤᠶᠢᠯᠡᠳᠪᠦᠷᠢ ᠲᠧᠭᠨᠢᠭ ᠤᠨ ᠳᠡᠭᠡᠳᠤ ᠰᠤᠷᠭᠠᠭᠤᠯᠢ ᠶᠢᠨ ᠰᠣᠳᠤᠯᠭᠠᠲᠠᠨ ᠨᠠᠷ ᠤᠨ ᠢᠯᠡᠷᠡᠭᠦᠯᠦᠭᠰᠡᠨ ᠢᠶᠠᠷ᠂  ᠴᠠᠢ ᠤᠤᠭᠤᠬᠤ ᠨᠢ ᠲᠢᠳᠢᠮ ᠯᠣᠭᠰᠢᠭᠤᠨ ᠰᠤᠳᠠᠯ ᠤᠨ ᠴᠢᠨᠠᠷᠲᠠᠢ ᠵᠢᠷᠤᠬᠡᠨ ᠡᠪᠡᠳᠴᠢᠨ᠂ ᠰᠠ ᠡᠪᠡᠳᠴᠢᠨ ᠳᠤ ᠳᠠᠭᠠᠷᠢᠭᠳᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠦᠲᠡᠯᠬᠦ ᠶᠢ ᠤᠳᠠᠭᠠᠰᠢᠷᠠᠭᠤᠯᠳᠠᠭ᠃    14.ᠠᠯᠮᠤᠷᠠᠳ ᠢᠳᠡᠬᠦ     ᠶᠡᠷᠤᠳᠡ ᠶᠢᠨ ᠦᠭᠡᠨ ᠳᠤ ᠡᠳᠦᠷ ᠪᠦᠷᠢ ᠨᠢᠭᠡ ᠠᠯᠮᠤᠷᠠᠳ ᠢᠳᠡᠪᠡᠯ᠂ ᠡᠮᠴᠢ ᠨᠠᠳᠠ ᠠᠴᠠ ᠵᠠᠶᠢᠳᠠᠨ᠎ᠠ ᠭᠡᠳᠡᠭ᠃    15.ᠲᠧᠯᠸᠢᠰ ᠳᠤᠲᠠᠭᠤ ᠦᠵᠡᠨ᠎ᠡ     ᠠᠦ᠋ᠰᠲᠷᠡᠯᠢᠶ᠎ᠠ ᠶᠢᠨ ᠰᠣᠳᠤᠯᠭᠠᠲᠠᠨ ᠨᠠᠷ ᠤᠨ ᠣᠯᠵᠤ ᠮᠡᠳᠡᠭᠰᠡᠨ ᠢᠶᠠᠷ᠂ ᠡᠳᠦᠷ ᠪᠦᠷᠢ ᠨᠢᠭᠡ ᠴᠠᠭ ᠲᠧᠯᠸᠢᠰ ᠦᠵᠡᠪᠡᠯ᠂ ᠵᠢᠷᠤᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ 18%  ᠢᠶᠠᠷ ᠳᠡᠭᠡᠭᠰᠢᠯᠡᠭᠳᠡᠨ᠎ᠡ᠃    16.ᠪᠦᠵᠢᠭ ᠪᠦᠵᠢᠭᠯᠡᠬᠦ     ᠠᠩᠭ᠍ᠯᠢ ᠶᠢᠨ ᠰᠢᠨᠵᠢᠯᠡᠬᠦ ᠤᠬᠠᠭᠠᠨᠲᠠᠳ ᠪᠠᠶᠢᠴᠠᠭᠠᠨ ᠰᠣᠳᠣᠯᠤᠯᠲᠠ ᠬᠢᠭᠡᠳ ᠣᠯᠵᠤ ᠮᠡᠳᠡᠭᠰᠡᠨ ᠢᠶᠠᠷ᠂ ᠪᠦᠵᠢᠭ ᠪᠦᠵᠢᠭᠯᠡᠬᠦ ᠨᠢ ᠴᠢᠰᠤᠨ ᠤ ᠡᠷᠬᠢᠯᠲᠡ ᠶᠢ ᠲᠦᠷᠭᠡᠳᠭᠡᠵᠦ᠂ ᠨᠠᠰᠤᠲᠠᠢ ᠬᠦᠮᠦᠨ ᠤ ᠲᠠᠷᠢᠬᠢᠨ ᠤ ᠬᠡᠰᠡᠭ ᠤᠨ ᠴᠢᠰᠤᠨ  ᠤ ᠬᠠᠩᠭᠠᠯᠭ᠎ᠠ ᠶᠢ ᠨᠡᠮᠡᠭᠳᠡᠭᠦᠯᠵᠦ᠂ ᠨᠠᠰᠤᠲᠠᠶᠢᠴᠤᠳ ᠤᠨ ᠲᠡᠨᠡᠭᠷᠡᠬᠦ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠪᠣᠯᠳᠠᠭ ᠪᠠᠶᠢᠨ᠎ᠠ᠃    17.ᠰᠠᠷᠢᠮᠰᠠᠭ ᠢᠳᠡᠬᠦ     ᠰᠠᠷᠢᠮᠰᠠᠭ ᠤᠨ ᠳᠣᠳᠤᠷᠠᠬᠢ ᠢᠳᠡᠪᠬᠢᠵᠢᠭᠰᠡᠨ ᠪᠦᠷᠢᠯᠳᠤᠭᠦᠨ ᠨᠢ ᠯᠤᠭᠰᠢᠭᠤᠨ ᠰᠤᠳᠠᠯ ᠦᠭᠡᠭᠦᠯᠢᠭᠵᠢᠨ ᠬᠠᠲᠠᠭᠤᠷᠠᠬᠤ ᠪᠠ ᠲᠢᠳᠢᠮ ᠯᠤᠭᠰᠢᠭᠤᠨ ᠰᠤᠳᠠᠯ ᠤᠨ ᠪᠦᠭᠯᠡᠷᠡᠯ᠂ ᠰᠦᠰᠤᠨ ᠤ ᠴᠢᠯᠠᠭᠤᠯᠢᠭ ᠠᠯᠺᠣᠣᠯ ᠢ ᠪᠠᠭᠤᠷᠠᠭᠤᠯᠬᠤ᠂ ᠴᠢᠰᠤᠨ ᠲᠠᠭᠯᠠᠭᠠᠰᠤ ᠶᠢ ᠪᠠᠭᠠᠰᠬᠠᠬᠤ᠂ ᠴᠢᠰᠤᠨ ᠤ ᠰᠢᠬᠢᠷ ᠢ ᠵᠣᠬᠢᠴᠠᠭᠤᠯᠬᠤ ᠪᠠ ᠦᠮᠡᠨ ᠢ ᠤᠷᠢᠳᠴᠢᠯᠠᠨ ᠰᠡᠷᠭᠡᠶᠢᠯᠡᠬᠦ ᠤᠶᠢᠯᠡᠳᠤᠯ ᠲᠠᠢ᠃    18. ᠬᠠᠲᠠᠭᠤ ᠵᠢᠮᠢᠰ ᠢᠳᠡᠬᠦ     ᠠᠦ᠋ᠰᠲᠷᠡᠯᠢᠶ᠎ᠠ ᠶᠢᠨ ᠡᠷᠳᠡᠮᠲᠡᠨ ᠤ ᠰᠣᠳᠤᠯᠭᠠᠨ ᠢᠯᠡᠷᠡᠭᠦᠯᠦᠭᠰᠡᠨ ᠨᠢ᠂ ᠡᠳᠦᠷ ᠪᠦᠷᠢ ᠬᠠᠲᠠᠭᠤ ᠵᠢᠮᠢᠰ ᠢᠳᠡᠪᠡᠯ᠂ ᠵᠢᠷᠤᠬᠡᠨ ᠡᠪᠡᠳᠴᠢᠨ ᠳᠤ ᠨᠡᠷᠪᠡᠭᠳᠡᠬᠦ ᠳᠣᠬᠢᠶᠠᠯᠳᠤᠮᠵᠢ ᠶᠢ 29% ᠢᠶᠠᠷ ᠪᠠᠭᠤᠷᠠᠭᠤᠯᠵᠤ᠂ ᠦᠮᠡᠨ ᠳᠤ ᠨᠡᠷᠪᠡᠭᠳᠡᠬᠦ ᠳᠣᠬᠢᠶᠠᠯᠳᠤᠮᠵᠢ ᠶᠢ 11% ᠢᠶᠠᠷ  ᠪᠠᠭᠤᠷᠠᠭᠤᠯᠵᠤ᠂ ᠦᠬᠦᠬᠦ ᠨᠤᠷᠮ᠎ᠠ ᠶᠢ ᠢᠯᠡᠳᠲᠡ ᠪᠠᠭᠤᠷᠠᠭᠤᠯᠳᠠᠭ ᠪᠠᠶᠢᠨ᠎ᠠ᠃    19.ᠰᠢᠳᠦ ᠪᠠᠨ ᠬᠠᠮᠠᠭᠠᠯᠠᠬᠤ     ᠰᠸᠧᠳ᠋ᠸᠠ ᠤ ᠰᠢᠨᠵᠢᠯᠡᠬᠦ ᠤᠬᠠᠭᠠᠨ ᠤ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠪᠣᠶᠢᠯᠠ ᠶᠢᠨ ᠦᠷᠪᠢᠰᠤᠯ  ᠨᠢ ᠯᠤᠭᠰᠢᠭᠤᠨ ᠰᠤᠳᠠᠯ ᠤᠨ ᠬᠠᠲᠠᠭᠤᠷᠠᠯ ᠢ ᠪᠣᠢ ᠪᠣᠯᠭᠠᠵᠤ᠂ ᠵᠢᠷᠤᠬᠡ ᠴᠢᠰᠤᠨ ᠰᠤᠳᠠᠯ ᠤᠨ ᠡᠪᠡᠳᠴᠢᠨ ᠢ ᠡᠭᠦᠰᠭᠡᠵᠦ ᠮᠡᠳᠡᠳᠡᠭ᠃    20.ᠬᠠᠳᠠᠭᠠᠨᠠᠲᠠᠯ᠎ᠠ ᠪᠠᠨ ᠢᠨᠢᠶᠡᠬᠦ     ᠶᠠᠫᠤᠨ ᠤ ᠰᠣᠳᠤᠯᠭᠠᠲᠠᠨ ᠨᠠᠷ ᠤᠨ ᠮᠦᠷᠳᠡᠨ ᠪᠠᠶᠢᠴᠠᠭᠠᠯᠲᠠ ᠠᠴᠠ ᠣᠯᠵᠤ ᠮᠡᠳᠡᠭᠰᠡᠨ ᠢᠶᠠᠷ᠂ ᠢᠨᠢᠶᠡᠬᠦ ᠨᠢ ᠴᠢᠰᠤᠨ ᠳᠠᠷᠤᠯᠲᠠ ᠶᠢ ᠳᠣᠷᠤᠭᠰᠢᠯᠡᠭᠤᠯᠬᠤ ᠳᠤ ᠲᠤᠰᠠᠯᠠᠳᠠᠭ ᠪᠠᠶᠢᠨ᠎ᠠ᠃     ︽ᠢᠨᠢᠶᠡᠵᠦ ᠶᠠᠪᠤᠪᠠᠯ ᠢᠯᠡᠭᠦᠦ ᠠᠷᠪᠠᠨ ᠵᠢᠯ ᠠᠮᠢᠳᠤᠷᠠᠬᠤ︾  ᠭᠡᠳᠡᠭ ᠢ ᠢᠲᠡᠭᠡᠵᠦ ᠶᠠᠪᠤᠭᠠᠷᠠᠢ  ︕                                                      ᠲᠦᠮᠬᠠᠦ᠋ᠯᠵᠡᠢ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号