ᠬᠦᠴᠤᠷᠭᠡᠭᠯᠡᠯ ᠢᠶᠠᠷ ᠡᠮᠴᠢ ᠶᠢ ᠰᠢᠷᠬᠠᠲᠤᠭᠤᠯᠬᠤ ᠠᠰᠠᠭᠤᠳᠠᠯ ᠢ ᠬᠠᠥᠯᠢ ᠴᠠᠭᠠᠵᠠ ᠶᠢᠨ ᠬᠢᠨᠠᠨ ᠬᠠᠮᠢᠶᠠᠷᠤᠯᠲᠠ ᠎ ᠳᠤ ᠣᠷᠤᠭᠤᠯᠤᠨ᠎ᠠ
ᠨᠡᠶᠢᠲᠡᠯᠡᠭᠰᠡᠨ ᠴᠠᠭ᠄
2017/1/6
    ᠰᠣᠷᠪᠤᠯᠵᠢᠯᠠᠭᠴᠢ 25᠎ ᠤ ᠡᠳᠦᠷ ᠲᠡᠭᠦᠰᠦᠭᠰᠡᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠤᠳᠠᠭᠠᠨ ᠎ ᠤ ᠬᠤᠷᠠᠯ ᠠᠴᠠ ᠣᠶᠢᠯᠠᠭᠠᠭᠰᠠᠨ ᠢᠶᠠᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠬᠠᠥᠯᠢ ᠳᠦᠷᠢᠮ ᠳᠤ ᠵᠠᠰᠠᠪᠤᠷᠢ ᠣᠷᠤᠭᠤᠯᠤᠨ ᠬᠠᠥᠯᠢ ᠴᠠᠭᠠᠵᠠ ᠲᠣᠭᠲᠠᠭᠠᠨ᠂ ᠬᠦᠴᠤᠷᠭᠡᠭᠯᠡᠯ ᠢᠶᠠᠷ ᠡᠮᠴᠢ ᠶᠢ ᠰᠢᠷᠬᠠᠲᠤᠭᠤᠯᠬᠤ ᠠᠰᠠᠭᠤᠳᠠᠯ ᠢ ᠬᠠᠥᠯᠢ ᠶᠣᠰᠤᠭᠠᠷ ᠬᠢᠵᠠᠭᠠᠷᠯᠠᠬᠤ ᠪᠠᠷ ᠪᠠᠶᠢᠨ᠎ᠠ᠃     ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠦᠪᠯᠡᠯ ᠤᠨ ᠪᠦᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠤᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠤ ᠦᠭᠴᠦ ᠬᠢᠨᠠᠨ ᠵᠦᠪᠯᠡᠭᠦᠯᠦᠭᠰᠡᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠳᠤ᠂ ᠣᠶᠢᠷ᠎ᠠ ᠶᠢᠨ ᠬᠡᠳᠤᠨ ᠵᠢᠯ ᠳᠤ ᠮᠠᠨ ᠤ ᠤᠯᠤᠰ ᠤᠨ ᠡᠮᠴᠢᠯᠡᠭᠡᠨ ᠤ ᠵᠦᠷᠢᠴᠡᠯ ᠮᠦᠷᠭᠦᠯᠳᠤᠭᠡᠨ ᠤ ᠠᠰᠠᠭᠤᠳᠠᠯ ᠣᠯᠠᠰᠢᠷᠠᠵᠤ᠂ ᠡᠮᠴᠢ ᠪᠠ ᠡᠪᠡᠳᠴᠢᠲᠡᠨ ᠤ ᠬᠤᠭᠤᠷᠤᠨᠳᠤᠬᠢ ᠬᠠᠷᠢᠴᠠᠭ᠎ᠠ ᠮᠠᠭᠤᠲᠠᠵᠤ᠂ ᠡᠮᠴᠢ ᠶᠢ ᠠᠯᠠᠬᠤ᠂ ᠡᠮᠴᠢ ᠶᠢ ᠰᠢᠷᠬᠠᠲᠤᠭᠤᠯᠬᠤ ᠵᠡᠷᠭᠡ ᠶᠠᠯᠠᠲᠤ ᠠᠵᠢᠯᠯᠠᠭ᠎ᠠ ᠡᠭᠦᠰᠴᠤ ᠪᠠᠶᠢᠭ᠎ᠠ ᠲᠣᠬᠠᠢ ᠳᠤᠷᠠᠳᠴᠠᠢ᠃ ᠵᠦᠪᠯᠡᠯᠭᠡ ᠳᠤ᠂ ᠬᠠᠥᠯᠢ ᠲᠣᠭᠲᠠᠭᠠᠨ ᠡᠮᠴᠢ ᠪᠠ ᠡᠪᠡᠳᠴᠢᠲᠡᠨ ᠤ ᠬᠠᠷᠢᠴᠠᠭ᠎ᠠ ᠶᠢ ᠬᠠᠮᠢᠶᠠᠷᠬᠤ ᠲᠦᠷᠤ ᠶᠢᠨ ᠪᠣᠳᠤᠯᠭ᠎ᠠ ᠪᠠ ᠠᠷᠭ᠎ᠠ ᠬᠡᠮᠵᠢᠶ᠎ᠡ ᠶᠢ ᠨᠡᠩ ᠪᠦᠲᠤᠮᠵᠢᠲᠡᠢ ᠪᠣᠯᠭᠠᠬᠤ ᠰᠠᠨᠠᠯ ᠳᠡᠪᠰᠢᠭᠦᠯᠦᠭᠰᠡᠨ ᠪᠠᠶᠢᠨ᠎ᠠ᠃     ᠰᠠᠨᠠᠯ ᠢ ᠬᠢᠨᠠᠨ ᠵᠦᠪᠯᠡᠭᠰᠡᠨ ᠢ ᠦᠨᠳᠤᠰᠤᠯᠡᠪᠡᠯ᠂ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ ᠣᠳᠤᠬᠠᠨ ᠳᠤ ᠶᠠᠭ ᠰᠠᠶᠢᠬᠠᠨ ᠲᠦᠷᠤ ᠶᠢᠨ ᠶᠠᠪᠤᠳᠠᠯ ᠤᠨ ᠬᠤᠷᠢᠶᠠᠨ ᠤ ᠬᠠᠥᠯᠢ ᠲᠣᠭᠲᠠᠭᠠᠬᠤ ᠠᠯᠪᠠᠨ ᠭᠡᠷ ᠲᠠᠢ ᠬᠠᠮᠲᠤ ᠡᠮᠴᠢᠯᠡᠭᠡᠨ ᠤ ᠵᠦᠷᠢᠴᠡᠯ ᠮᠦᠷᠭᠦᠯᠳᠤᠭᠡᠨ ᠢ ᠰᠡᠷᠭᠡᠶᠢᠯᠡᠨ ᠰᠢᠢᠳᠪᠦᠷᠢᠯᠡᠬᠦ ᠲᠣᠬᠠᠢ ᠲᠣᠭᠲᠠᠭᠠᠯ ᠢ ᠲᠣᠭᠲᠠᠭᠠᠵᠤ ᠪᠠᠶᠢᠨ᠎ᠠ᠃ ᠡᠭᠦᠨ ᠠᠴᠠ ᠭᠠᠳᠠᠨ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠦᠪᠯᠡᠯ ᠠᠴᠠ ᠲᠣᠯᠤᠭᠠᠶᠢᠯᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠥᠯᠢ ᠶᠢ ᠡᠬᠢᠯᠡᠨ ᠨᠤᠤᠷᠬᠠᠯᠠᠵᠤ ᠪᠠᠶᠢᠨ᠎ᠠ᠃     ᠣᠶᠢᠯᠠᠭᠠᠭᠰᠠᠨ ᠢᠶᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠣᠬᠠᠢ ᠬᠠᠥᠯᠢ ᠲᠣᠭᠲᠠᠭᠠᠬᠤ ᠠᠵᠢᠯ ᠨᠢ ᠲᠦᠯᠦᠪᠯᠡᠭᠡ ᠶᠣᠰᠤᠭᠠᠷ ᠶᠠᠪᠤᠭᠳᠠᠪᠠᠯ ᠲᠤᠰ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭᠠᠨ ᠳᠤ ᠳᠡᠪᠰᠢᠭᠦᠯᠦᠨ ᠬᠢᠨᠠᠨ ᠪᠠᠲᠤᠯᠠᠭᠤᠯᠬᠤ ᠪᠣᠯᠤᠨ᠎ᠠ᠃ ᠡᠷᠡᠭᠦᠯ ᠬᠠᠮᠠᠭᠠᠯᠠᠯ ᠤᠨ ᠬᠦᠷᠢᠶᠡᠨ ᠤ ᠰᠠᠭᠤᠷᠢ ᠴᠢᠨᠠᠷᠲᠠᠢ᠂ ᠶᠡᠷᠤᠩᠬᠡᠶᠢᠯᠡᠭᠰᠡᠨ ᠴᠢᠨᠠᠷᠲᠠᠢ ᠬᠠᠥᠯᠢ ᠴᠠᠭᠠᠵᠠ ᠪᠣᠯᠤᠭᠰᠠᠨ ᠤ ᠬᠤᠪᠢ ᠳᠤ᠂ ᠡᠨᠡᠬᠦ ᠬᠠᠥᠯᠢ ᠴᠠᠭᠠᠵᠠ ᠶᠢ ᠲᠣᠭᠲᠠᠭᠠᠭᠰᠠᠨ ᠤ ᠲᠠᠷᠠᠭ᠎ᠠ ᠮᠠᠨ ᠤ ᠤᠯᠤᠰ ᠤᠨ ᠡᠷᠡᠭᠦᠯ ᠬᠠᠮᠠᠭᠠᠯᠠᠯ ᠤᠨ ᠬᠠᠥᠯᠢ ᠴᠠᠭᠠᠵᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠷᠠᠳ ᠣᠯᠠᠨ ᠤ ᠦᠨᠳᠤᠰᠤᠨ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠴᠢᠬᠤᠯᠠ ᠤᠶᠢᠯᠡᠳᠤᠯ ᠦᠵᠡᠭᠦᠯᠬᠦ ᠪᠣᠯᠤᠨ᠎ᠠ᠃        ᠰᠢᠨᠬᠤᠸᠠ ᠬᠤᠷᠢᠶᠠᠨ ᠤ ᠪᠡᠭᠡᠵᠢᠩ ᠤᠨ12 ᠰᠠᠷ᠎ᠠ ᠶᠢᠨ 25᠎ ᠤ ᠡᠳᠦᠷ ᠤᠨ ᠮᠡᠳᠡᠭᠡ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号