ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ ᠠᠵᠦ ᠦᠢᠯᠡᠰ ᠢᠶᠠᠷ ᠲᠤᠯᠭᠠᠭᠤᠷᠢᠯᠡᠬᠤ ᠶᠢ ᠴᠢᠩᠭᠠᠳᠬᠠᠨ‌ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠶᠢ ᠬᠦᠴᠦᠯᠡᠨ ᠪᠠᠶᠡᠯᠡᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2017/10/10
     ᠨᠠᠢᠮᠠᠨ ᠰᠠᠷ᠎ᠠ ᠶᠢᠨ ᠲᠡᠷᠭᠡᠯ ᠪᠠᠶᠠᠷ ᠤᠢᠢᠷᠠᠳᠬᠤ ᠲᠠᠰᠢᠷᠠᠮ ᠢᠶᠠᠷ᠂ ᠶᠠᠳᠠᠭᠤ ᠬᠦᠴᠢᠷᠳᠡᠯᠲᠡᠢ ᠤᠯᠠᠨ ᠲᠦᠮᠡᠨ ᠪᠠᠶᠠᠷ ᠤᠨ ᠡᠳᠦᠷ ᠢᠶᠠᠨ ᠬᠡᠷᠬᠢᠨ ᠦᠩᠭᠡᠷᠡᠭᠦᠯᠵᠦ ᠪᠠᠶᠢᠬᠤ ᠪᠤᠢ︖ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠨᠢ ᠬᠢᠷᠢ ᠵᠡᠷᠭᠡ ᠰᠠᠶᠢᠵᠢᠷᠠᠬᠰᠠᠨ ᠪᠤᠢ︖ ᠡᠳᠡᠭᠡᠷ ᠠᠰᠠᠭᠤᠳᠠᠯ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠂ ᠵᠠᠰᠠᠬ ᠤᠨ ᠤᠷᠳᠤᠨ ᠤ ᠰᠠᠨᠠᠭᠠᠰᠢᠷᠠᠯ ᠪᠤᠯᠵᠦ ᠪᠠᠶᠢᠪᠠ᠃ 10 ᠰᠠᠷ᠎ᠠ ᠶᠢᠨ 3 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠬᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠠᠳᠠᠭᠤ ᠶᠢ ᠳᠡᠳᠬᠦᠬᠦ ᠬᠠᠷᠢᠯᠴᠠᠬᠤ ᠴᠡᠭ ᠪᠤᠯᠬᠤ ᠬᠢᠩᠭᠠᠨ ᠠᠶᠢᠮᠠᠬ ᠤᠨ ᠷᠠᠰᠢᠶᠠᠨ ᠬᠤᠲᠠ ᠶᠢᠨ ᠪᠠᠶᠢᠯᠠᠩ ᠪᠠᠯᠭᠠᠰᠤᠨ ᠳᠤ ᠬᠦᠷᠴᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠤᠯᠭᠤᠭᠠᠨ ᠳᠤᠬᠤᠨᠢᠭᠤᠯᠵᠤ᠂ ᠲᠡᠳᠡᠨ ᠳᠤ ᠨᠠᠮ ᠪᠤᠯᠤᠨ ᠵᠠᠰᠠᠬ ᠤᠨ ᠤᠷᠳᠤᠨ ᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠬᠦᠷᠭᠡᠵᠡᠢ᠃      ᠪᠦ᠋ ᠰᠢᠶᠤᠤ ᠯᠢᠨ ᠶᠠᠳᠠᠭᠤ ᠬᠦᠴᠢᠷᠳᠡᠯᠲᠡᠢ ᠡᠷᠦᠭᠡ ᠳᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠭᠡᠷ ᠵᠠᠭᠤᠷ᠎ᠠ ᠶᠢᠨ ᠰᠡᠳᠬᠢᠯ ᠤᠨ ᠦᠭᠡ ᠪᠠᠨ ᠤᠳᠠᠭᠠᠨ ᠶᠠᠷᠢᠯᠴᠠᠵᠤ᠂ ᠬᠠᠯᠠᠮᠵᠢᠯᠠᠨ ᠠᠰᠠᠭᠤᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠮᠡᠨᠳᠦᠴᠢᠯᠡᠯ ᠬᠦᠷᠭᠡᠵᠦ᠂ ᠲᠡᠳᠡᠨ ᠤ ᠠᠵᠤ ᠦᠢᠯᠡᠰ ᠤᠨ ᠬᠦᠭᠵᠢᠯᠲᠡ᠂ ᠤᠷᠤᠨ ᠰᠠᠭᠤᠴᠠ ᠶᠢᠨ ᠰᠠᠶᠢᠵᠢᠷᠠᠯᠲᠠ᠂ ᠤᠷᠤᠯᠭ᠎ᠠ ᠶᠢᠨ ᠨᠡᠮᠡᠭᠳᠡᠯ᠂ ᠦᠷ᠎ᠡ ᠬᠡᠤᠬᠡᠳ ᠤᠨ ᠰᠤᠷᠭᠠᠨ ᠬᠦᠮᠦᠵᠢᠯ ᠵᠡᠷᠭᠡ ᠪᠠᠶᠢᠳᠠᠯ ᠵᠢᠴᠢ ᠲᠤᠯᠭᠠᠷᠠᠵᠤ ᠪᠠᠶᠢᠭ᠎ᠠ ᠭᠤᠤᠯ ᠪᠤᠯᠬᠤ ᠬᠦᠴᠢᠷᠳᠡᠯ ᠢ ᠨᠠᠷᠢᠨ ᠤᠢᠢᠯᠠᠭᠠᠪᠠ᠃ ᠡᠳᠡᠭᠡᠷ ᠶᠠᠳᠠᠭᠤ ᠬᠦᠴᠢᠷᠳᠡᠯᠲᠡᠢ ᠡᠷᠦᠭᠡ ᠷᠠᠰᠢᠶᠠᠨ ᠤ ᠲᠦᠷᠭᠡᠨ ᠬᠦᠭᠵᠢᠵᠦ ᠪᠠᠶᠢᠭ᠎ᠠ ᠵᠤᠭᠠᠴᠠᠯ ᠤᠨ ᠦᠢᠯᠡᠰ ᠢ ᠲᠦᠰᠢᠭᠯᠡᠨ ᠤᠨᠴᠠᠯᠢᠬᠲᠤ ᠠᠵᠤ ᠦᠢᠯᠡᠰ ᠢ ᠢᠳᠡᠪᠬᠢᠲᠡᠢ ᠬᠦᠭᠵᠢᠭᠦᠯᠬᠦ ᠶᠢᠨ ᠬᠠᠮᠲᠤ ᠤᠷᠤᠯᠭ᠎ᠠ ᠪᠠᠨ ᠶᠡᠬᠡᠪᠡᠷ ᠨᠡᠮᠡᠭᠳᠡᠭᠦᠯᠬᠦ ᠶᠢ ᠪᠡᠶᠡᠯᠡᠭᠦᠯᠦᠭᠰᠡᠨ ᠢ ᠤᠢᠢᠯᠠᠭᠠᠭᠠᠳ᠂ ᠪᠦ᠋ ᠰᠢᠶᠤᠤ ᠯᠢᠨ ᠮᠠᠰᠢ ᠪᠠᠶᠠᠷᠯᠠᠵᠤ᠂ ᠲᠡᠳᠡᠨ ᠢ ᠶᠠᠳᠠᠭᠤ ᠠᠴᠠ ᠠᠩᠬᠢᠵᠢᠷᠠᠭᠤᠯᠬᠤ ᠢᠲᠡᠭᠡᠯ ᠵᠤᠷᠢᠬ ᠢᠶᠠᠨ ᠬᠦᠪᠴᠢᠯᠡᠨ᠂ ᠴᠤᠬ ᠰᠦᠯᠳᠡ ᠪᠠᠨ ᠪᠠᠳᠠᠷᠠᠭᠤᠯᠵᠤ᠂ ᠠᠵᠢᠯᠴᠢ ᠬᠦᠳᠡᠯᠮᠦᠷᠢᠴᠢ ᠬᠤᠶᠠᠷ ᠭᠠᠷ ᠢᠶᠠᠨ ᠲᠦᠰᠢᠭᠯᠡᠨ᠂ ᠠᠵᠤ ᠦᠢᠯᠡᠰ ᠢ ᠬᠦᠭᠵᠢᠭᠦᠯᠬᠦ ᠪᠠᠷ ᠲᠠᠮᠵᠢᠨ ᠤᠷᠤᠯᠭ᠎ᠠ ᠪᠠᠨ ᠨᠡᠮᠡᠭᠳᠡᠭᠦᠯᠦᠨ ᠶᠠᠳᠠᠭᠤ ᠠᠴᠠ ᠠᠩᠬᠢᠵᠢᠷᠠᠭᠤᠯᠬᠤ ᠶᠢ ᠡᠷᠲᠡᠭᠡᠨ ᠪᠡᠶᠡᠯᠡᠭᠦᠯᠬᠦ ᠶᠢ ᠵᠤᠷᠢᠬᠵᠢᠭᠤᠯᠪᠠ᠃      ᠪᠦ᠋ ᠰᠢᠶᠤᠤ ᠯᠢᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠬᠠ ᠤᠨ ᠤᠷᠳᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠠᠷᠠᠳ ᠤᠯᠠᠨ ᠳᠤ ᠬᠠᠨᠳᠤᠬᠤ ᠴᠢᠩ ᠦᠨᠡᠨᠴᠢ ᠰᠡᠳᠬᠢᠯᠭᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠴᠢᠬᠤᠯᠠ ᠪᠠᠶᠢᠯᠳᠤᠬᠤ ᠪᠤᠳᠤᠯᠭ᠎ᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠶᠢ ᠠᠷᠠᠳ ᠤᠨ ᠠᠮᠢᠳᠤᠷᠠᠯ ᠤᠨ ᠲᠡᠷᠢᠬᠦᠨ ᠴᠢᠬᠤᠯᠠ ᠢᠨᠵᠧᠨᠧᠷᠢᠩ ᠪᠤᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠬᠦᠴᠢᠷ ᠵᠤᠪᠠᠯᠠᠩ ᠢ ᠨᠢ ᠰᠢᠢᠳᠪᠦᠷᠢᠯᠡᠵᠦ ᠦᠭᠭᠦ ᠬᠡᠷᠡᠭᠲᠡᠢ᠃ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠳᠠᠪᠠᠭᠤᠯᠢᠬ ᠲᠠᠭᠠᠨ ᠰᠠᠭᠤᠷᠢᠯᠠᠵᠤ᠂ ᠲᠤᠬᠠᠢ ᠶᠢᠨ ᠭᠠᠵᠠᠷ ᠤᠨ ᠡᠬᠢ ᠪᠠᠶᠠᠯᠢᠬ ᠲᠠᠭᠠᠨ ᠲᠦᠰᠢᠭᠯᠡᠨ᠂ ᠵᠤᠭᠠᠴᠠᠯ ᠤᠨ ᠦᠢᠯᠡᠰ ᠪᠠ ᠤᠨᠴᠠᠯᠢᠬᠳᠤ ᠲᠠᠷᠢᠮᠠᠯ ᠲᠡᠵᠢᠭᠡᠪᠦᠷᠢ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠬᠦᠭᠵᠢᠭᠦᠯᠵᠦ᠂ ᠤᠯᠤᠰ ᠤᠨ ᠠᠷᠠᠳ ᠲᠤ ᠠᠰᠢᠬ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠤᠲᠠᠲᠠᠢ ᠳᠤ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠠᠶᠢᠴᠢᠯᠠᠨ ᠠᠮᠢᠳᠤᠷᠠᠯ ᠢ ᠨᠢ ᠤᠯᠠᠮ ᠠᠴᠠ ᠤᠯᠠᠮ ᠰᠠᠶᠢᠵᠢᠷᠠᠭᠤᠯᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠲᠤᠬᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号