ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠡᠷᠡᠯᠬᠡᠭ ᠢᠶᠠᠷ ᠤᠷᠤᠭᠰᠢᠯᠠᠰᠤᠭᠠᠢ
ᠨᠡᠶᠢᠲᠡᠯᠡᠭᠰᠡᠨ ᠴᠠᠭ᠄
2017/10/10
— ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠲᠤᠬᠠᠢ ᠨᠢᠬᠡᠨᠳᠡ ᠦᠬᠦᠯᠡᠬᠦ ᠨᠢ        ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ‌ᠵᠢᠷᠤᠮ ᠤᠨ ᠬᠠᠮᠤᠭ ᠤᠨ ᠮᠥᠨ ᠴᠢᠨᠠᠷ ᠤᠨ ᠤᠨᠴᠠᠯᠢᠭ ᠮᠥᠨ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ‍ᠤᠨ‌ᠬᠠᠮᠤᠭ ᠤᠨ ᠶᠡᠭᠡ ᠲᠠᠪᠠᠭᠤᠯᠢᠭ ᠪᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠ ᠪᠦᠷᠢᠨᠰᠢᠬᠦᠯᠬᠦ ᠪᠤᠯ ᠨᠠᠮ ᠪᠤᠯᠤᠨ‌ᠤᠯᠤᠰ ‍ᠤᠨ‌ᠦᠨᠳᠦᠰᠦ ᠮᠥᠨ᠂ ᠠᠮᠢᠨ ᠰᠤᠳᠠᠰᠤ ᠮᠥᠨ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠰᠢᠬ ᠲᠤᠰᠠ ᠮᠥᠨ᠂ ᠵᠤᠯ ᠵᠢᠷᠭᠠᠯ ᠮᠥᠨ᠃ ᠦᠨᠳᠤᠷ ᠮᠤᠳᠤᠨ ᠳᠤ ᠦᠨᠳᠦᠰᠦ ᠲᠠᠢ᠂ ᠤᠷᠤᠰᠬᠠᠯ ᠤᠰᠤᠨ ᠳᠤ ᠡᠬᠢ ᠲᠠᠢ᠃ ᠨᠠᠮ ‍ᠤᠨ‌ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠤᠯᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠵᠢᠯᠤᠭᠤᠳᠤᠯᠭ᠎ᠠ ᠲᠤᠤᠷ᠎ᠠ᠂ ᠦᠪᠤᠷ ᠮᠤᠩᠭᠤᠯ ᠤᠨ ᠠᠵᠢᠯ ᠲᠠᠰᠤᠷᠠᠯᠳᠡ‌ᠦᠭᠡᠢ ᠰᠢᠨ᠎ᠡ ᠲᠡᠭᠳᠡᠷ ᠲᠤ ᠭᠠᠷᠴᠦ᠂ ᠪᠦᠬᠦ ᠤᠷᠤᠨ ᠤ ᠡᠯ᠎ᠡ  ᠵᠦᠢᠯ ᠤᠨ ᠦᠢᠯᠡᠰ ᠦᠷᠨᠢᠬᠦᠨ ᠬᠦᠭᠵᠢᠵᠥ᠂ ᠡᠳᠤᠷ ᠡᠴᠠ‌ᠡᠳᠤᠷ ᠦᠬᠡᠳᠡᠯᠡᠵᠥ᠂ ᠡᠬᠡ ᠤᠯᠤᠰ ᠤᠨ ᠤᠮᠠᠷᠠᠳᠤ ᠬᠢᠯᠢ ᠳᠤ ᠠᠵᠥ ᠠᠬᠤᠢ ᠬᠦᠭᠵᠢᠭᠰᠡᠡ᠂ ᠦᠨᠳᠦᠰᠦᠳᠡᠨ ᠨᠦ᠋ᠭᠦᠳ‌‍ᠪᠦ᠋ᠯᠬᠦᠮᠳᠡᠭᠰᠡᠡ᠂ ᠰᠤᠶᠤᠯ ᠴᠡᠴᠡᠭᠯᠡᠨ  ᠬᠦᠭᠵᠢᠭᠰᠡᠡ᠂  ᠬᠢᠯᠢ ᠬᠢᠵᠠᠭᠠᠷ ᠠᠮᠤᠷ ᠲᠠᠶᠢᠪᠤᠩ᠂ ᠠᠮᠢ  ᠠᠬᠤᠢ ᠪᠤᠯᠪᠠᠰᠤᠨ᠂ᠦᠨᠳᠦᠰᠦᠳᠡᠨ ᠨᠦᠭᠦᠳ ᠤᠨ ᠠᠷᠠᠳ ᠲᠦᠮᠡᠨ ᠵᠤᠯ ᠵᠢᠷᠭᠠᠯ ᠲᠠᠢ ᠠᠮᠢᠳᠤᠷᠠᠭᠰᠠᠠ ᠦᠵᠡᠰᠬᠦᠯᠡᠩᠳᠤ ᠰᠠᠶᠢᠬᠠᠨ ᠦᠵᠡᠮᠵᠢ ᠵᠢᠨ‌ᠤᠷᠤᠨ ᠢᠯᠡᠷᠡᠭᠰᠡᠡ ᠪᠠᠶᠢᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠳᠠᠯᠠᠳᠠᠭ ᠯᠠ ᠶᠤᠮ ᠪᠤᠯ ᠦᠪᠤᠷ ᠮᠤᠩᠭᠤᠯ ᠰᠠᠶ᠋ᠢ ᠬᠦᠭᠵᠢᠨ ᠴᠡᠴᠡᠭᠯᠡᠭᠰᠡᠡ ᠪᠠᠶᠠᠨ ᠴᠢᠨᠡᠬᠡᠯᠢᠭ᠂ ᠡᠶ᠎ᠡ ᠵᠤᠬᠢᠴᠠᠩᠭᠤᠢ‌‍ᠰᠠᠶᠢᠨ ᠰᠠᠶᠢᠬᠠᠨ ᠦᠨᠤᠳᠤᠷ ᠲᠠᠢ ᠪᠠᠶᠢᠵᠥ᠂ ᠰᠠᠶ᠋ᠢ ᠬᠡᠷᠡᠯ ᠰᠠᠴᠤᠷᠠᠩᠭᠤᠢ ᠢᠷᠡᠬᠡᠳᠤᠢ ᠶᠢ ᠨᠡᠬᠡᠬᠡᠨ‌ᠡᠬᠦᠳᠬᠦ ᠪᠠ ᠤᠯᠵᠥ ᠴᠢᠳᠠᠨ᠎ᠠ ᠭᠡᠳᠡᠭ ᠢ ᠦᠢᠯᠡᠳᠦᠯᠬᠡ ᠨᠢᠬᠡᠨᠳᠡ ᠬᠡᠷᠡᠴᠢᠯᠡᠭᠰᠡᠡ ᠪᠦᠭᠡᠳ ᠲᠠᠰᠤᠷᠠᠯᠳᠡ ᠦᠭᠡᠢ ᠬᠡᠷᠡᠴᠢᠯᠡᠬᠦ  ᠪᠤᠯᠤᠨ᠎ᠠ᠃  ᠨᠢᠭᠡ‌ᠤᠯᠤᠰ᠂ ᠨᠢᠭᠡ ᠲᠦᠷᠦ ᠶᠢᠨ ᠨᠠᠮ ᠳᠤ ᠤᠳᠤᠷᠢᠳᠬᠤ ᠭᠤᠤᠯᠯᠠᠭᠴᠢ ᠪᠤᠯ ᠲᠦᠢᠯ ᠤᠨ ᠴᠢᠬᠤᠯᠠ  ᠶᠤᠮ᠃  ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ ᠪᠠᠶᠢᠬᠤ ᠪᠤᠯ ᠳᠠᠷᠤᠢ ᠨᠠᠮ ᠤᠨ ᠲᠦᠪ  ᠬᠤᠷᠢᠶᠠᠨ ‍ᠤ‌ᠡᠷᠬᠡ ᠰᠦᠷ ᠢ ᠬᠠᠮᠠᠭᠠᠯᠠᠵᠤ ᠪᠠᠶᠢᠬᠤ ᠶᠠᠪᠤᠳᠠᠯ ᠮᠦᠨ︔ ᠨᠠᠮ ᠤᠨ ᠲᠦᠪ ᠬᠤᠷᠢᠶᠠᠨ ᠤ ᠡᠷᠬᠡ ᠰᠦᠷ ᠢ  ᠬᠠᠮᠠᠭᠠᠯᠠᠬᠤ ᠳᠤ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠬᠤ ᠬᠡᠷᠡᠭᠲᠠᠢ᠃ ︽ᠳᠦᠷᠪᠡᠨ‌ᠤᠬᠠᠮᠰᠠᠷ︾ ᠵᠶ᠋ᠠᠨ‌ᠦᠨᠡᠨᠬᠦ ᠳᠡᠭᠡᠭᠰᠢᠯᠡᠭᠦᠯᠵᠤ᠂ ︽ᠳᠦᠷᠪᠡᠨ ᠢᠲᠡᠭᠡᠯ︾ ᠢ ᠪᠠᠲᠦ ᠪᠤᠢ ᠪᠤᠯᠭᠠᠵᠤ᠂ ᠭᠤᠤᠯᠯᠠᠭᠴᠢ ᠶᠢ ᠬᠦᠷᠢᠶᠡᠯᠡᠬᠦ᠂ ᠭᠤᠤᠯᠯᠠᠭᠴᠢ ᠶᠢ ᠬᠠᠮᠠᠭᠠᠯᠠᠬᠤ᠂ ᠭᠤᠤᠯᠯᠠᠭᠴᠢ ᠶᠢ ᠳᠠᠭᠠᠬᠤ᠂ ᠭᠤᠤᠯᠯᠠᠭᠴᠢ ᠶᠢ  ᠳᠡᠮᠵᠢᠬᠦ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠤ᠂  ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠲᠠᠷᠠᠨ ᠪᠦᠯᠬᠦᠮᠳᠡᠵᠤ᠂ ᠨᠠᠮ ᠤᠨ  ᠲᠦᠪ ᠬᠤᠷᠢᠶᠠᠨ ᠤ ᠵᠢᠭᠠᠭᠰᠠᠨ ᠴᠢᠭᠯᠡᠯ ᠲᠡᠰᠢ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠪᠡᠯ᠂ ᠪᠢᠳᠡ ᠯᠠᠪᠲᠠᠶ᠎ᠠ ᠲᠠᠰᠤᠷᠠᠯᠲᠠ ᠦᠭᠡᠢ‌‍ᠰᠢᠨ᠎ᠠ ᠭᠢᠯᠠᠯᠵᠠᠮ᠎ᠠ ᠠᠮᠵᠢᠯᠲᠠ ᠶᠢ ᠡᠭᠦᠳᠴᠤ᠂ ᠰᠢᠨ᠎ᠠ ᠪᠠᠶᠢᠳᠠᠯ ᠢ ᠨᠡᠬᠡᠬᠡᠬᠦ ᠪᠤᠯᠤᠨ᠎ᠠ᠃       ᠡᠷᠡᠮᠡᠬᠡᠶᠢᠯᠡᠨ ᠳᠠᠪᠰᠢᠭᠰᠠᠨ 5 ᠵᠢᠯ ᠢ ᠦᠩᠭᠡᠷᠡᠭᠦᠯᠦᠭᠡᠳ᠂ ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠳᠤ ᠵᠠᠩᠭᠢᠯᠠᠭ᠎ᠠ ᠨᠢ ᠨᠠᠮ ᠳᠤ ᠪᠠᠶᠢᠨ᠎ᠠ ᠭᠡᠳᠡᠭ ᠢ ᠪᠢᠳᠡ ᠨᠡᠩ ᠭᠦᠨᠵᠡᠭᠡᠢ ᠲᠠᠨᠢᠵᠤ ᠤᠯᠪᠠ᠃  ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠪᠢᠳᠡ ᠦᠴᠦᠬᠡᠨ ᠴᠤ ᠲᠠᠳᠠᠭᠠᠯᠵᠠᠵᠤ ᠪᠤᠯᠬᠤ ᠦᠭᠡᠢ᠃ ᠡᠯ᠎ᠠ ᠱᠠᠳᠤᠨ ᠤ ᠨᠠᠮ ᠤᠨ ᠵᠤᠬᠢᠶᠠᠨ‌‍ᠪᠠᠶᠢᠭᠤᠯᠤᠯᠲᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠤ᠂ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ ᠪᠤᠯᠤᠨ ᠬᠠᠮᠤᠭ ᠤᠨ ᠴᠢᠬᠤᠯᠠ ᠤᠯᠤᠰ ᠲᠦᠷᠦ ᠵᠢᠨ‌‍ᠰᠠᠬᠢᠯᠭ᠎ᠠ ᠪᠠᠲᠦ ᠪᠤᠯᠭᠠᠬᠤ ᠬᠡᠷᠡᠭᠲᠠᠢ︔ ᠡᠯ᠎ᠠ ᠱᠠᠳᠤᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢ ᠡᠷᠬᠢᠮᠯᠡᠵᠤ᠂ ᠦᠨᠡᠨᠴᠢ ᠰᠢᠳᠤᠷᠭᠤ ᠪᠠᠶᠢᠬᠤ ᠶᠢ ᠡᠷᠬᠢᠮᠯᠡᠵᠤ᠂ ᠡᠭᠦᠷᠭᠡ ᠬᠠᠷᠢᠭᠤᠴᠠᠯᠭ᠎ᠠ ᠶᠢ ᠡᠷᠬᠢᠮᠯᠡᠵᠤ᠂ ᠤᠳᠤᠷᠢᠳᠬᠤ ᠬᠠᠷᠢᠭᠤᠴᠠᠯᠭ᠎ᠠ ᠪᠠᠨ‌‍ᠭᠦ᠋ᠢᠴᠡᠳᠭᠡᠵᠤ᠂ ᠵᠠᠩᠭᠢᠯᠠᠭ᠎ᠠ ᠪᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠲᠦᠪ ᠬᠤᠷᠢᠶᠠᠨ ᠤ ᠰᠠᠨᠠᠭᠠᠴᠢᠯᠠᠭ᠎ᠠ ᠶᠢ ᠡᠷᠡᠰ ᠴᠤᠤᠷᠢᠶᠠᠳᠤᠵᠤ᠂ ᠨᠠᠮ ᠤᠨ ᠲᠦᠪ ᠬᠤᠷᠢᠶᠠᠨ ᠤ ᠰᠢᠢᠳᠪᠦᠷᠢ ᠶᠢ ᠡᠷᠡᠰ  ᠭᠦᠢᠴᠡᠳᠭᠡᠵᠤ᠂  ᠨᠠᠮ ᠤᠨ ᠲᠦᠪ ᠬᠤᠷᠢᠶᠠᠨ ᠤ ᠬᠤᠷᠢᠭ᠎ᠠ ᠴᠠᠭᠠᠵᠠ ᠶᠢ ᠡᠷᠡᠰ ᠵᠢᠷᠤᠮᠯᠠᠵᠤ᠂ ᠦᠨᠡᠨ ᠪᠤᠳᠠᠳᠠᠢ ᠠᠵᠢᠯᠯᠠᠭ᠎ᠠ ᠪᠤᠯᠤᠨ ᠦᠷ᠎ᠠ ᠪᠦᠲᠦᠮᠵᠢ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠳᠤ ᠬᠠᠷᠢᠴᠠᠯᠠᠰᠢ ᠦᠭᠡᠢ  ᠦᠨᠡᠨᠴᠢ ᠰᠢᠳᠤᠷᠭᠤ  ᠪᠠᠶᠢᠬᠤ ᠪᠠᠨ‌ᠬᠠᠷᠠᠭᠤᠯᠬᠤ ᠬᠡᠷᠡᠭᠲᠠᠢ᠃ ᠲᠠᠮᠤᠷ ᠢ ᠲᠠᠪᠳᠠᠬᠤ ᠳᠤ ᠦᠪᠡᠷ ᠤᠨ ᠪᠠᠶ᠎ᠠ ᠬᠠᠳᠠᠭᠤ ᠪᠠᠶᠢᠬᠤ ᠭᠡᠷᠡᠭᠳᠠᠢ᠃ ᠤᠳᠤᠬᠠᠨ ᠳᠤ᠂ ᠦᠪᠤᠷ ᠮᠤᠩᠭᠤᠯ ᠤᠨ ᠬᠢᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠱᠠᠳᠤ᠂ ᠨᠡᠶᠢᠬᠡᠮ  ᠵᠢᠷᠤᠮ ‍ᠤᠨ‌ᠤᠳᠤᠬᠢᠴᠢᠯᠠᠯᠳᠠ ᠶᠢ ᠪᠦᠳᠦᠬᠡᠨ ᠪᠠᠶᠢᠭᠤᠯᠬᠤ ᠰᠢᠨ᠎ᠠ ᠠᠶᠠᠨ ᠵᠠᠮ ᠳᠤ ᠪᠤᠢ᠂ ᠦᠩᠬᠡ ᠬᠡᠷᠡᠯᠳᠤ ᠬᠠᠳᠠᠭᠤ ᠪᠡᠷᠬᠡ ᠲᠡᠤᠬᠡᠨ‌ᠡᠬᠦᠷᠬᠡ ᠶᠢ ᠪᠡᠶᠡᠯᠡᠬᠦᠯᠵᠤ᠂ ᠤᠷᠤᠬᠰᠢᠯᠠᠯᠳᠠ ᠶᠢᠨ ᠵᠠᠮ ᠲᠡᠭᠡᠷᠡᠬᠢ ᠲᠦᠭᠰᠢᠬᠦᠷᠢ ᠦᠷᠢᠰᠤᠯᠳᠤᠬᠡᠨ ᠢ ᠢᠯᠠᠨ ᠲᠠᠪᠠᠭ᠋ᠤ ᠳᠤ᠂ ᠪᠢᠳᠠ ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢᠳᠤᠷᠠᠯ ᠢ ᠴᠢᠩᠳᠡᠯᠠᠵᠤ᠂ ᠨᠠᠮ ᠤᠨ ᠳᠤᠳᠤᠭᠠᠳᠤ ᠵᠢᠨ‌ᠤᠯᠤᠰ ᠲᠦᠷᠤ ᠵᠢᠨ‌ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠬᠦᠯᠵᠤ᠂ ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦᠯᠬᠦ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠵᠤ ᠲᠦᠷᠢᠮᠵᠢᠬᠦᠯᠬᠦ ᠶᠢ ᠯᠠᠪᠳᠠᠭᠤᠨ ᠠᠬᠢᠭᠤᠯᠬᠤ ᠶᠢ ᠵᠠᠶᠢᠯᠠᠰᠢ ᠦᠬᠡᠢ ᠱᠠᠭᠠᠷᠳᠠᠵᠤ ᠪᠠᠶᠢᠨ᠎ᠠ᠃ ᠨᠠᠮ ᠤᠨ ᠨᠢᠬᠳᠠᠷᠠᠯ ᠤᠨ ᠬᠦᠴᠤᠨ᠂ ᠲᠠᠶᠢᠴᠢᠨ ᠬᠦᠴᠤᠨ ᠪᠤᠯᠤᠨ ᠤᠳᠤᠷᠢᠳᠬᠤ ᠬᠦᠴᠤᠨ᠂ ᠤᠷᠢᠶᠠᠯᠠᠬᠤ ᠬᠦᠴᠤᠨ ᠢ ᠲᠠᠰᠤᠷᠠᠯᠳᠠ ᠦᠬᠡᠢ ᠴᠢᠩᠭᠠᠳᠬᠠᠵᠤ᠂ ᠡᠯ᠎ᠠ ᠱᠠᠳᠤᠨ ᠤ  ᠺᠠᠳ᠋ᠷᠴᠤᠳ ᠠᠷᠢᠭᠤᠨ ᠴᠢᠬᠡᠴᠢ ᠪᠠᠷ ᠪᠠᠶ᠎ᠠ ᠪᠠᠨ ᠪᠠᠷᠢᠬᠤ ᠪᠠᠷ ᠪᠠᠷᠠᠬᠤ ᠦᠬᠡᠢ᠂ ᠢᠳᠡᠪᠬᠢᠳᠠᠢ ᠠᠵᠢᠯᠯᠠᠪᠠᠯ ᠰᠠᠶ᠋ᠢ ᠬᠦᠭᠵᠢᠯᠳᠠ ᠲᠠᠭᠠᠭᠤᠯᠤᠬᠴᠢ ᠲᠠᠢ ᠪᠤᠯᠵᠤ᠂ ᠲᠦᠷᠤ ᠵᠢᠨ‌‍ᠪᠤᠳᠤᠯᠭ᠎ᠠ ᠭᠡᠷᠡᠭᠵᠢᠬᠦᠯᠬᠦ ᠬᠦᠴᠤᠨ ᠲᠠᠢ ᠪᠤᠯᠵᠤ᠂ ᠦᠷᠬᠡᠨ ᠤᠯᠠᠨ ᠲᠦᠮᠡᠨ ᠢ ᠲᠠᠭᠠᠭᠤᠯᠵᠤ ᠲᠠᠰᠤᠷᠠᠯᠳᠠ‌ᠦᠬᠡᠢ ᠢᠯᠠᠯᠳᠡ ᠠᠴᠠ ᠢᠯᠠᠯᠳᠡ ᠲᠡᠰᠢ ᠲᠠᠪᠰᠢᠵᠤ ᠴᠢᠳᠠᠨ᠎ᠠ᠃       ᠶᠠᠷᠤ ᠪᠤᠰᠤ ᠶᠢᠨ ᠦᠷ᠎ᠠ ᠪᠦᠳᠤᠬᠡᠯ ᠨᠢ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠠᠴᠠ ᠰᠠᠯᠵᠤ ᠲᠡᠶᠢᠯᠬᠦ ᠦᠬᠡᠢ ᠶᠤᠮ︔ ᠭᠡᠷᠡᠯ ᠰᠠᠴᠤᠷᠠᠩᠭᠤᠢ ᠠᠮᠵᠢᠯᠳᠠ ᠶᠢ ᠦᠷᠬᠦᠯᠵᠢᠯᠠᠨ ᠡᠬᠦᠳᠬᠦ ᠳᠤ ᠦᠨᠢᠳᠠ ᠵᠤᠬᠰᠤᠰᠢ ᠦᠬᠡᠢ ᠡᠷᠴᠢ ᠵᠤᠷᠢᠬ ᠪᠠᠶᠢᠬᠤ‌‍ᠭᠡᠷᠡᠭᠳᠠᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ‌‍ᠪᠦ᠋ᠯᠬᠦᠮᠳᠡᠵᠡᠬᠡᠵᠤ᠂ ᠤᠯᠤᠰ ᠲᠦᠷᠤ ᠶᠢᠨ ᠵᠤᠬᠰᠤᠴᠠ ᠪᠠᠨ ᠪᠠᠳᠤᠳᠬᠠᠵᠤ᠂ ᠤᠯᠤᠰ ᠲᠦᠷᠤ ᠶᠢᠨ ᠤᠬᠠᠮᠰᠠᠷ ᠵᠶ᠋ᠠᠨ‌‍ᠲ᠋ᠡᠭᠡᠭᠰᠢᠯᠡᠬᠦᠯᠵᠤ᠂ ᠲᠦᠪ ᠭᠤᠤᠯᠴᠢ ᠵᠤᠷᠢᠬᠳᠠᠢ  ᠡᠬᠦᠷᠬᠡᠯᠠᠵᠤ ᠪᠤᠳᠠᠳᠠᠢ ᠬᠢᠵᠤ᠂  ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠬᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ︾ ᠶᠢᠨ ᠲᠦᠯᠤᠬᠡ ᠲᠠᠰᠤᠷᠠᠯᠳᠠ‌ᠦᠬᠡᠢ ᠰᠢᠨ᠎ᠠ ᠨᠡᠩ ᠶᠡᠭᠡ ᠬᠤᠪᠢ ᠨᠡᠮᠡᠷᠢ ᠦᠵᠡᠬᠦᠯᠵᠤ᠂ ᠪᠤᠳᠠᠳᠤ ᠠᠵᠢᠯᠯᠠᠭ᠎ᠠ ᠪᠤᠯᠤᠨ ᠰᠢᠯᠢᠳᠡᠭ ᠠᠮᠵᠢᠯᠳᠠ ᠪᠠᠷ‌ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠭᠡᠷᠡᠭᠳᠠᠢ᠃  
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号