ᠤᠶᠢᠷ᠎ᠠ ᠶᠢᠨ ᠵᠢᠯ ᠳᠤ᠂ ᠤᠩᠨᠢᠭᠤᠳ ᠬᠤᠰᠢᠭᠤ ᠨᠢ ᠶᠠᠳᠠᠭᠤ ᠬᠦᠴᠢᠷᠲᠠᠢ ᠠᠷᠠᠳ ᠲᠦᠮᠡᠨ ᠤ ᠪᠡᠯᠡ | ᠲᠤᠬᠢᠷᠠᠭᠤᠯᠬᠤ ᠳᠤ ᠭᠦᠴᠢᠷᠲᠠᠢ᠂ ᠵᠢᠭᠡᠯᠡᠯᠭᠡ ᠤᠯᠬᠤ ᠳᠤ ᠭᠦᠴᠢᠷᠲᠠᠢ ᠠᠰᠠᠭᠤᠳᠠᠯ ᠳᠤ ᠬᠠᠨᠳᠣᠭᠤᠯᠣᠨ ᠮᠦᠩᠭᠦᠨ | ᠭᠦᠢᠯᠡᠯᠭᠡᠨ ᠢᠶᠠᠷ ᠶᠠᠳᠠᠭᠤ ᠶᠢ ᠳᠡᠳᠭᠦᠬᠦ ᠢᠨᠵᠧᠨᠢᠸ᠋ᠷᠢᠩ ᠢ ᠭᠦᠨᠵᠡᠭᠡᠢ ᠳᠦᠯᠬᠢᠨ ᠠᠬᠢᠭᠤᠯᠵᠣ᠂ ᠠᠷᠠᠳ ᠲᠦᠮᠡᠨ ᠤ | ᠣᠷᠣᠯᠭ᠎ᠠ ᠶᠢ ᠨᠡᠮᠡᠭᠳᠡᠭᠦᠯᠵᠦ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠦᠴᠦᠲᠠᠢ ᠲᠦᠯᠬᠢᠨ ᠠᠬᠢᠭᠤᠯᠣᠭᠰᠠᠨ | ᠪᠠᠶᠢᠨ᠎ᠠ᠃ | ᠤᠳᠤᠬᠠᠨ ᠪᠤᠯᠲᠠᠯ᠎ᠠ᠂ ᠤᠩᠨᠢᠭᠤᠳ ᠬᠤᠰᠢᠭᠤ ᠨᠢ ᠨᠡᠶᠢᠲᠡ 5102 ᠲᠦᠮᠡᠨ ᠲᠦᠭᠦᠷᠢᠭ ᠤᠨ ᠮᠦᠩᠭᠦᠨ | ᠭᠦᠢᠯᠡᠯᠭᠡᠨ ᠤ ᠶᠠᠳᠠᠭᠤ ᠶᠢ ᠳᠡᠳᠭᠦᠬᠦ ᠵᠢᠭᠡᠯᠡᠯᠭᠡ ᠶᠢ ᠮᠦᠩᠬᠦ ᠲᠠᠯᠪᠢᠵᠣ᠂ 1038 ᠡᠷᠦᠬᠡ ᠶᠢ ᠪᠠᠭᠲᠠᠭᠠᠵᠣ᠂ | ᠡᠭᠦᠨ ᠤ ᠳᠣᠲᠣᠷ᠎ᠠ ᠶᠠᠳᠠᠭᠤ ᠬᠦᠴᠢᠷᠲᠠᠢ ᠡᠷᠦᠬᠡ ᠨᠢ 306 ᠪᠠᠶᠢᠵᠣ᠂ ᠡᠵᠡᠯᠡᠬᠦ ᠬᠠᠷᠢᠴᠠᠯ ᠨᠢ 29.5 % ᠳᠤ | ᠬᠦᠷᠪᠡ᠃ ᠵᠢᠭᠡᠯᠡᠯᠭᠡ ᠡᠳ᠋ ᠬᠦᠷᠦᠩᠭᠡ ᠶᠢᠨ ᠠᠰᠢᠭ ᠣᠷᠦᠯᠭ᠎ᠠ ᠪᠠᠷ ᠶᠠᠳᠠᠭᠤ ᠶᠢ ᠳᠡᠳᠬᠦᠭᠦ ᠬᠡᠪ ᠵᠠᠭᠪᠣᠷ ᠢ | ᠰᠦᠪᠡᠭᠴᠢᠯᠡᠨ ᠪᠠᠶᠢᠭᠤᠯᠵᠣ᠂ ᠨᠢᠭᠡᠳᠦᠭᠡᠷ ᠬᠤᠭᠤᠴᠠᠭᠠᠨ ᠳᠤ《 ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ | ᠬᠠᠪᠰᠣᠷᠣᠮᠵᠢ ᠶᠢᠨ ᠵᠢᠭᠡᠯᠡᠯᠭᠡ》 ᠶᠢᠨ 2000 ᠲᠦᠮᠡᠨ ᠲᠦᠭᠦᠷᠢᠭ ᠢ ᠪᠦᠬᠦᠨ ᠢ ᠶᠠᠳᠠᠭᠤ ᠬᠦᠴᠢᠷᠲᠠᠢ ᠡᠷᠦᠬᠡ ᠳᠤ | ᠵᠢᠭᠡᠯᠡᠯᠭᠡ ᠣᠯᠭᠤᠵᠣ᠂ ᠬᠦᠮᠦᠨ ᠪᠦᠷᠢ ᠳᠤ 1 ᠲᠦᠮᠡᠨ ᠲᠦᠭᠦᠷᠢᠭ ᠬᠦᠷᠴᠦ᠂ ᠳᠡᠭᠰᠢᠳᠭᠡᠭᠡᠳ ᠬᠦᠮᠦᠨ ᠪᠦᠷᠢ | 700 ᠲᠦᠭᠦᠷᠢᠭ ᠠᠴᠠ ᠳᠡᠭᠡᠭᠰᠢᠬᠢ ᠤᠷᠣᠯᠭ᠎ᠠ ᠣᠯᠬᠤ ᠪᠤᠯᠣᠨ᠎ᠠ᠃ | | |