ᠤᠩᠨᠢᠭᠤᠳ ᠬᠤᠰᠢᠭᠤᠨ ᠤ ᠮᠦᠩᠭᠦᠨ ᠭᠦᠢᠯᠡᠯᠭᠡᠨ ᠢᠶᠠᠷ  ᠶᠠᠳᠠᠭᠤ ᠶᠢ ᠳᠡᠳᠭᠦᠬᠦ ᠵᠢᠭᠡᠯᠡᠯᠭᠡ ᠶᠢᠨ ᠮᠦᠩᠬᠦ ᠨᠡᠶᠢᠲᠡ 5102 ᠲᠦᠮᠡᠨ ᠲᠦᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2017/10/11
     ᠤᠶᠢᠷ᠎ᠠ ᠶᠢᠨ ᠵᠢᠯ ᠳᠤ᠂ ᠤᠩᠨᠢᠭᠤᠳ ᠬᠤᠰᠢᠭᠤ ᠨᠢ ᠶᠠᠳᠠᠭᠤ ᠬᠦᠴᠢᠷᠲᠠᠢ ᠠᠷᠠᠳ ᠲᠦᠮᠡᠨ ᠤ ᠪᠡᠯᠡ ᠲᠤᠬᠢᠷᠠᠭᠤᠯᠬᠤ ᠳᠤ ᠭᠦᠴᠢᠷᠲᠠᠢ᠂ ᠵᠢᠭᠡᠯᠡᠯᠭᠡ ᠤᠯᠬᠤ ᠳᠤ ᠭᠦᠴᠢᠷᠲᠠᠢ ᠠᠰᠠᠭᠤᠳᠠᠯ ᠳᠤ ᠬᠠᠨᠳᠣᠭᠤᠯᠣᠨ ᠮᠦᠩᠭᠦᠨ ᠭᠦᠢᠯᠡᠯᠭᠡᠨ ᠢᠶᠠᠷ ᠶᠠᠳᠠᠭᠤ ᠶᠢ ᠳᠡᠳᠭᠦᠬᠦ ᠢᠨᠵᠧᠨᠢᠸ᠋ᠷᠢᠩ ᠢ ᠭᠦᠨᠵᠡᠭᠡᠢ  ᠳᠦᠯᠬᠢᠨ ᠠᠬᠢᠭᠤᠯᠵᠣ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠵᠦ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠦᠴᠦᠲᠠᠢ ᠲᠦᠯᠬᠢᠨ ᠠᠬᠢᠭᠤᠯᠣᠭᠰᠠᠨ ᠪᠠᠶᠢᠨ᠎ᠠ᠃      ᠤᠳᠤᠬᠠᠨ ᠪᠤᠯᠲᠠᠯ᠎ᠠ᠂ ᠤᠩᠨᠢᠭᠤᠳ ᠬᠤᠰᠢᠭᠤ ᠨᠢ ᠨᠡᠶᠢᠲᠡ 5102 ᠲᠦᠮᠡᠨ ᠲᠦᠭᠦᠷᠢᠭ ᠤᠨ ᠮᠦᠩᠭᠦᠨ ᠭᠦᠢᠯᠡᠯᠭᠡᠨ ᠤ ᠶᠠᠳᠠᠭᠤ ᠶᠢ ᠳᠡᠳᠭᠦᠬᠦ ᠵᠢᠭᠡᠯᠡᠯᠭᠡ ᠶᠢ ᠮᠦᠩᠬᠦ ᠲᠠᠯᠪᠢᠵᠣ᠂ 1038 ᠡᠷᠦᠬᠡ ᠶᠢ ᠪᠠᠭᠲᠠᠭᠠᠵᠣ᠂ ᠡᠭᠦᠨ ᠤ ᠳᠣᠲᠣᠷ᠎ᠠ ᠶᠠᠳᠠᠭᠤ ᠬᠦᠴᠢᠷᠲᠠᠢ ᠡᠷᠦᠬᠡ ᠨᠢ 306 ᠪᠠᠶᠢᠵᠣ᠂ ᠡᠵᠡᠯᠡᠬᠦ ᠬᠠᠷᠢᠴᠠᠯ ᠨᠢ 29.5 % ᠳᠤ ᠬᠦᠷᠪᠡ᠃  ᠵᠢᠭᠡᠯᠡᠯᠭᠡ ᠡᠳ᠋ ᠬᠦᠷᠦᠩᠭᠡ ᠶᠢᠨ ᠠᠰᠢᠭ ᠣᠷᠦᠯᠭ᠎ᠠ ᠪᠠᠷ ᠶᠠᠳᠠᠭᠤ ᠶᠢ ᠳᠡᠳᠬᠦᠭᠦ ᠬᠡᠪ ᠵᠠᠭᠪᠣᠷ ᠢ ᠰᠦᠪᠡᠭᠴᠢᠯᠡᠨ ᠪᠠᠶᠢᠭᠤᠯᠵᠣ᠂ ᠨᠢᠭᠡᠳᠦᠭᠡᠷ ᠬᠤᠭᠤᠴᠠᠭᠠᠨ ᠳᠤ《 ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠬᠠᠪᠰᠣᠷᠣᠮᠵᠢ ᠶᠢᠨ ᠵᠢᠭᠡᠯᠡᠯᠭᠡ》 ᠶᠢᠨ 2000 ᠲᠦᠮᠡᠨ ᠲᠦᠭᠦᠷᠢᠭ ᠢ  ᠪᠦᠬᠦᠨ ᠢ ᠶᠠᠳᠠᠭᠤ ᠬᠦᠴᠢᠷᠲᠠᠢ ᠡᠷᠦᠬᠡ ᠳᠤ ᠵᠢᠭᠡᠯᠡᠯᠭᠡ ᠣᠯᠭᠤᠵᠣ᠂ ᠬᠦᠮᠦᠨ ᠪᠦᠷᠢ ᠳᠤ 1 ᠲᠦᠮᠡᠨ ᠲᠦᠭᠦᠷᠢᠭ  ᠬᠦᠷᠴᠦ᠂ ᠳᠡᠭᠰᠢᠳᠭᠡᠭᠡᠳ ᠬᠦᠮᠦᠨ ᠪᠦᠷᠢ 700 ᠲᠦᠭᠦᠷᠢᠭ ᠠᠴᠠ ᠳᠡᠭᠡᠭᠰᠢᠬᠢ ᠤᠷᠣᠯᠭ᠎ᠠ ᠣᠯᠬᠤ ᠪᠤᠯᠣᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号