ᠤᠯᠤᠰ ᠤᠨ ᠪᠠᠶᠠᠷ ᠤᠨ ᠬᠤᠭᠤᠴᠠᠭᠠᠨ ᠳᠤ 800 ᠭᠠᠷᠤᠢ ᠲᠦᠮᠡᠨ ᠬᠦᠮᠦᠨ ᠰᠢᠨᠵᠢᠶᠠᠩ ᠢᠶᠠᠷ ᠲᠤᠭᠤᠷᠢᠨ ᠵᠤᠭᠠᠴᠠᠪᠠ
ᠨᠡᠶᠢᠲᠡᠯᠡᠭᠰᠡᠨ ᠴᠠᠭ᠄
2017/10/12
      ᠤᠯᠤᠰ ᠤᠨ ᠪᠠᠶᠠᠷ ᠪᠤᠯᠤᠨ ᠲᠡᠷᠭᠡᠯ ᠰᠠᠷᠠ ᠶᠢᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ 848 ᠲᠦᠮᠡᠨ ᠬᠦᠮᠦᠨ ᠤᠳᠠᠭ᠎ᠠ ᠶᠢᠨ ᠵᠢᠭᠤᠯᠴᠢᠯᠠᠭᠰᠠᠳ ᠰᠢᠨᠵᠢᠶᠠᠩ ᠢᠶᠠᠷ ᠲᠤᠭᠤᠷᠢᠨ ᠵᠤᠭᠠᠴᠠᠵᠤ᠂ ᠤᠯᠤᠰ ᠤᠨ ᠳᠤᠳᠤᠭᠠᠳᠤ ᠶᠢᠨ ᠵᠢᠭᠤᠯᠴᠢᠯᠠᠯ ᠤᠨ ᠬᠡᠷᠡᠭᠯᠡᠭᠡ 113 ᠳ᠋ᠦᠡᠭᠰᠢᠭᠤᠷ ᠲᠦᠭᠦᠷᠢᠭ ᠲᠤ ᠬᠦᠷᠪᠡ᠃       ᠰᠢᠷᠭᠠᠯ ᠨᠠᠮᠤᠷ ᠤᠨ 10 ᠰᠠᠷ᠎ᠠ ᠳᠤ᠂ ᠰᠢᠨᠵᠢᠶᠠᠩ ᠤᠨ ᠡᠮᠦᠨᠡᠲᠦ ᠬᠡᠰᠡᠭ ᠤᠨ ᠡᠯ᠎ᠡ ᠭᠠᠵᠠᠷ ᠤᠨ ᠭᠤᠸᠠ ᠵᠢᠮᠢᠰ ᠪᠤᠯᠪᠠᠰᠤᠷᠠᠨ᠂ ᠦᠷᠭᠡᠨ ᠤᠯᠠᠨ ᠵᠢᠭᠤᠯᠴᠢᠯᠠᠭᠰᠠᠳ ᠤᠨ ᠤᠷᠮ᠎ᠠ ᠶᠢ ᠬᠦᠭᠵᠢᠭᠡᠵᠦ᠂ ᠭᠤᠸᠠ ᠵᠢᠮᠢᠰ ᠳᠡᠬᠦᠬᠦ᠂ ᠨᠠᠮᠤᠷ ᠤᠨ ᠦᠵᠡᠮᠵᠢ ᠰᠤᠨᠢᠷᠬᠠᠬᠤ᠂ ᠲᠠᠷᠢᠶᠠᠨ ᠠᠵᠢᠯ ᠬᠢᠬᠦ᠂ ᠬᠦᠳᠡᠭᠡ ᠲᠤᠰᠬᠤᠨ ᠳᠤ ᠰᠡᠯᠡᠬᠦᠴᠡᠨ ᠠᠮᠠᠷᠠᠬᠤ ᠵᠡᠷᠭᠡ ᠵᠢᠭᠤᠯᠴᠢᠯᠠᠯ ᠤᠨ ᠲᠦᠷᠦᠯ ᠵᠦᠢᠯ ᠲᠤᠩ ᠬᠦᠷ ᠬᠦᠭᠵᠢᠶᠡᠨ ᠲᠠᠢ ᠪᠠᠶᠢᠪᠠ᠃       ᠰᠢᠨᠵᠢᠶᠠᠩ ᠤᠨ ᠵᠢᠭᠤᠯᠴᠢᠯᠠᠯ ᠤᠨ ᠰᠠᠯᠠᠭ᠎ᠠ ᠮᠦᠴᠢᠷ ᠠᠴᠠ ᠠᠳᠠᠯᠢ ᠪᠤᠰᠤ ᠬᠡᠷᠡᠭᠯᠡᠭᠡᠨ ᠤ ᠱᠠᠭᠠᠷᠳᠠᠯᠭ᠎ᠠ ᠳᠤ ᠵᠤᠬᠢᠴᠠᠭᠤᠯᠤᠨ ᠲᠤᠭᠤᠷᠢᠨ ᠦᠵᠡᠬᠦ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠭᠡᠷ ᠪᠦᠯᠢ ᠶᠢᠨ ᠵᠢᠭᠤᠯᠴᠢᠯᠠᠯ᠂ ᠬᠤᠳᠠ ᠶᠢᠨ ᠤᠢᠢᠷ᠎ᠠ ᠬᠠᠪᠢ ᠶᠢᠨ ᠵᠢᠭᠤᠯᠴᠢᠯᠠᠯ᠂ ︽ᠵᠢᠭᠤᠯᠴᠢᠯᠠᠯ +︾ ᠵᠡᠷᠭᠡ ᠵᠢᠭᠤᠯᠴᠢᠯᠠᠯ ᠤᠨ ᠦᠢᠯᠡᠳᠬᠦᠨ ᠢ ᠬᠠᠨᠳᠤᠯᠭ᠎ᠠ ᠲᠠᠢ ᠪᠠᠷ ᠵᠤᠬᠢᠶᠠᠨ ᠪᠠᠶᠢᠭᠤᠯᠵᠤ᠂ ᠠᠮᠠᠷᠠᠯᠳᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠬᠦᠷ ᠤᠨ ᠬᠠᠨᠭ᠍ᠭᠠᠯᠭ᠎ᠠ ᠬᠡᠷᠡᠭᠴᠡᠭᠡ ᠶᠢ ᠡᠯᠪᠡᠭ ᠳᠡᠯᠪᠡᠭ ᠪᠤᠯᠭᠠᠪᠠ᠃ ᠶᠠᠳᠠᠭᠤ ᠠᠴᠠ ᠠᠩᠬᠢᠵᠢᠷᠠᠭᠤᠯᠬᠤ ᠶᠢ ᠵᠢᠭᠤᠯᠴᠢᠯᠠᠯ ᠢᠶᠠᠷ ᠳᠠᠶᠢᠴᠢᠯᠠᠭᠰᠠᠨ ᠺᠠᠱᠭᠠᠷ ᠤᠷᠤᠨ ᠤ ᠮᠠᠺᠢᠲ ᠰᠢᠶᠠᠨ ︽ᠨᠢᠭᠡ ᠬᠠᠨᠭ᠍ᠰᠢ ᠪᠠᠷ ᠪᠦᠬᠦᠨ ᠢ ᠪᠠᠭᠳᠠᠭᠠᠬᠤ︾ ᠬᠡᠪ ᠵᠠᠭᠪᠤᠷ ᠢᠶᠠᠷ ᠳᠠᠮᠵᠢᠭᠤᠯᠤᠨ᠂ ᠨᠢᠬᠡ ᠡᠳᠦᠷ ᠤᠨ ᠵᠢᠭᠤᠯᠴᠢᠯᠠᠯ ᠳᠤ ᠢᠳᠡᠬᠦ ᠬᠤᠨᠤᠬᠤ ᠶᠢ ᠪᠦᠬᠦᠨ ᠢ ᠪᠠᠭᠳᠠᠭᠠᠭᠰᠠᠨ᠂ ᠨᠢᠬᠡ ᠡᠳᠦᠷ ᠤᠨ ᠵᠢᠭᠤᠯᠴᠢᠯᠠᠯ ᠳᠤ ᠳ᠋ᠤᠤ ᠯᠠᠩ ᠪᠦᠵᠢᠭ ᠠᠮᠳᠠᠳᠤ ᠢᠳᠡᠭᠡᠨ ᠢ ᠪᠠᠭᠳᠠᠭᠠᠭᠰᠠᠨ᠂ ᠨᠢᠬᠡ ᠡᠳᠦᠷ ᠤᠨ ᠵᠢᠭᠤᠯᠴᠢᠯᠠᠯ ᠳᠤ ᠦᠨᠳᠦᠰᠦᠲᠡᠨ ᠤ ᠤᠨᠴᠠᠯᠢᠭᠲᠤ ᠢᠳᠡᠭᠡᠨ ᠢ ᠪᠠᠭᠳᠠᠭᠠᠭᠰᠠᠨ ᠭᠤᠷᠪᠠᠨ ᠲᠦᠷᠦᠯ ᠤᠨ ᠵᠢᠭᠤᠯᠴᠢᠯᠠᠯ ᠤᠨ ᠦᠢᠯᠡᠳᠬᠦᠨ ᠢ ᠬᠠᠨᠭ᠍ᠭᠠᠵᠤ᠂ ᠲᠤᠩ ᠤᠯᠠᠨ ᠵᠢᠭᠤᠯᠴᠢᠯᠠᠭᠰᠠᠳ ᠤᠨ ᠠᠩᠬᠠᠷᠤᠯ ᠢ ᠳᠠᠳᠠᠪᠠ᠃       ᠰᠢᠨᠵᠢᠶᠠᠩ ᠤᠨ ᠡᠯ᠎ᠠ ᠭᠠᠵᠠᠷ ᠤᠷᠤᠨ ᠤᠷᠤᠯᠴᠠᠬᠤ ᠰᠢᠨᠵᠢᠲᠡᠢ᠂ ᠪᠡᠶ᠎ᠡ ᠪᠠᠷ ᠢᠶᠠᠨ ᠤᠢᠢᠯᠠᠭᠠᠬᠤ ᠰᠢᠨᠵᠢᠲᠡᠢ᠂ ᠰᠤᠨᠢᠷᠬᠠᠯᠳᠤ ᠰᠢᠨᠵᠢᠲᠡᠢ ᠵᠢᠭᠤᠯᠴᠢᠯᠠᠯ ᠤᠨ ᠠᠵᠢᠯᠯᠠᠭᠠᠠ ᠦᠷᠨᠢᠬᠦᠯᠵᠦ᠂ ᠠᠮᠠᠷᠠᠯᠳᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠬᠡᠭᠦᠷ ᠢ ᠤᠯᠠᠮ ᠬᠦᠷ ᠬᠦᠭᠵᠢᠶᠡᠨ ᠲᠠᠢ ᠪᠤᠯᠭᠠᠪᠠ᠃ ᠢᠯᠢ ᠶᠢᠨ ᠬᠠᠰᠠᠭ ᠦᠡᠳᠤᠰᠤᠳᠡᠡ ᠦᠪᠡᠷᠳᠡᠭᠡᠨ ᠵᠠᠰᠠᠬᠤ ᠵᠸᠦ ︽ᠴᠠᠰᠤᠳᠤ ᠬᠠᠶᠢᠷᠬᠠᠠ · ᠨᠢᠷᠤᠭᠤ · ᠲᠡᠭᠷᠢ ᠠᠭᠤᠯᠠ ᠶᠢᠨ ᠴᠠᠰᠤᠨ ᠨᠠᠢᠮᠠᠯᠵᠢ︾ ᠤᠰᠤᠨ ᠭᠠᠷᠤᠯᠳᠠ ᠶᠢᠨ ᠳᠡᠯᠭᠡᠨ ᠦᠵᠡᠬᠦᠯᠦᠯᠬᠡ ᠶᠢᠨ ᠪᠠᠶᠠᠷ᠂ ᠺᠠᠱᠭᠠᠷ ᠤᠷᠤᠨ ᠤ ︽ᠠᠨᠠᠷ ᠳᠡᠬᠦᠬᠦ · ᠳ᠋ᠤᠤ ᠯᠠᠩ ᠪᠦᠵᠢᠭ ᠪᠦᠵᠢᠭᠯᠡᠬᠦ᠂ ᠰᠠᠷᠠ ᠰᠤᠨᠢᠷᠬᠠᠬᠤ︾ ᠲᠡᠷᠭᠡᠯ ᠰᠠᠷᠠ ᠶᠢᠨ ᠪᠠᠶᠠᠷ ᠢ ᠤᠭᠳᠤᠬᠤ ᠠᠵᠢᠯᠯᠠᠭᠠᠠ ᠭᠡᠬᠦ ᠮᠡᠲᠦ ᠤᠯᠠᠨ ᠲᠦᠷᠦᠯ ᠤᠨ ᠠᠵᠢᠯᠯᠠᠭᠠᠠ ᠦᠷᠨᠢᠬᠦᠯᠵᠦ᠂ ᠪᠠᠭ᠎ᠠ ᠪᠤᠰᠤ ᠵᠢᠭᠤᠯᠴᠢᠯᠠᠭᠰᠠᠳ ᠤᠨ ᠠᠩᠬᠠᠷᠤᠯ ᠢ ᠳᠠᠳᠠᠪᠠ᠃
 
ᠢᠷᠡᠯᠲᠡ᠄ ᠰᠢᠡᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号