ᠤᠯᠤᠰ ᠤᠨ ᠪᠠᠶᠠᠷ ᠪᠤᠯᠤᠨ ᠲᠡᠷᠭᠡᠯ ᠰᠠᠷ᠎ᠠ ᠶᠢᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ 848 | ᠲᠦᠮᠡᠨ ᠬᠦᠮᠦᠨ ᠤᠳᠠᠭ᠎ᠠ ᠶᠢᠨ ᠵᠢᠭᠤᠯᠴᠢᠯᠠᠭᠰᠠᠳ ᠰᠢᠨᠵᠢᠶᠠᠩ ᠢᠶᠠᠷ ᠲᠤᠭᠤᠷᠢᠨ ᠵᠤᠭᠠᠴᠠᠵᠤ᠂ ᠤᠯᠤᠰ ᠤᠨ | ᠳᠤᠳᠤᠭᠠᠳᠤ ᠶᠢᠨ ᠵᠢᠭᠤᠯᠴᠢᠯᠠᠯ ᠤᠨ ᠬᠡᠷᠡᠭᠯᠡᠭᠡ 113 ᠳ᠋ᠦᠡᠭᠰᠢᠭᠤᠷ ᠲᠦᠭᠦᠷᠢᠭ ᠲᠤ ᠬᠦᠷᠪᠡ᠃ | ᠰᠢᠷᠭᠠᠯ ᠨᠠᠮᠤᠷ ᠤᠨ 10 ᠰᠠᠷ᠎ᠠ ᠳᠤ᠂ ᠰᠢᠨᠵᠢᠶᠠᠩ ᠤᠨ ᠡᠮᠦᠨᠡᠲᠦ ᠬᠡᠰᠡᠭ ᠤᠨ ᠡᠯ᠎ᠡ ᠭᠠᠵᠠᠷ ᠤᠨ ᠭᠤᠸ᠎ᠠ | ᠵᠢᠮᠢᠰ ᠪᠤᠯᠪᠠᠰᠤᠷᠠᠨ᠂ ᠦᠷᠭᠡᠨ ᠤᠯᠠᠨ ᠵᠢᠭᠤᠯᠴᠢᠯᠠᠭᠰᠠᠳ ᠤᠨ ᠤᠷᠮ᠎ᠠ ᠶᠢ ᠬᠦᠭᠵᠢᠭᠡᠵᠦ᠂ ᠭᠤᠸ᠎ᠠ ᠵᠢᠮᠢᠰ ᠳᠡᠬᠦᠬᠦ᠂ | ᠨᠠᠮᠤᠷ ᠤᠨ ᠦᠵᠡᠮᠵᠢ ᠰᠤᠨᠢᠷᠬᠠᠬᠤ᠂ ᠲᠠᠷᠢᠶᠠᠨ ᠠᠵᠢᠯ ᠬᠢᠬᠦ᠂ ᠬᠦᠳᠡᠭᠡ ᠲᠤᠰᠬᠤᠨ ᠳᠤ ᠰᠡᠯᠡᠬᠦᠴᠡᠨ ᠠᠮᠠᠷᠠᠬᠤ ᠵᠡᠷᠭᠡ | ᠵᠢᠭᠤᠯᠴᠢᠯᠠᠯ ᠤᠨ ᠲᠦᠷᠦᠯ ᠵᠦᠢᠯ ᠲᠤᠩ ᠬᠦᠷ ᠬᠦᠭᠵᠢᠶᠡᠨ ᠲᠠᠢ ᠪᠠᠶᠢᠪᠠ᠃ | ᠰᠢᠨᠵᠢᠶᠠᠩ ᠤᠨ ᠵᠢᠭᠤᠯᠴᠢᠯᠠᠯ ᠤᠨ ᠰᠠᠯᠠᠭ᠎ᠠ ᠮᠦᠴᠢᠷ ᠠᠴᠠ ᠠᠳᠠᠯᠢ ᠪᠤᠰᠤ ᠬᠡᠷᠡᠭᠯᠡᠭᠡᠨ ᠤ ᠱᠠᠭᠠᠷᠳᠠᠯᠭ᠎ᠠ ᠳᠤ | ᠵᠤᠬᠢᠴᠠᠭᠤᠯᠤᠨ ᠲᠤᠭᠤᠷᠢᠨ ᠦᠵᠡᠬᠦ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ᠂ ᠠᠮᠢ ᠠᠬᠤᠢ ᠶᠢᠨ | ᠵᠢᠭᠤᠯᠴᠢᠯᠠᠯ᠂ ᠭᠡᠷ ᠪᠦᠯᠢ ᠶᠢᠨ ᠵᠢᠭᠤᠯᠴᠢᠯᠠᠯ᠂ ᠬᠤᠳᠠ ᠶᠢᠨ ᠤᠢᠢᠷ᠎ᠠ ᠬᠠᠪᠢ ᠶᠢᠨ ᠵᠢᠭᠤᠯᠴᠢᠯᠠᠯ᠂ ︽ᠵᠢᠭᠤᠯᠴᠢᠯᠠᠯ | +︾ ᠵᠡᠷᠭᠡ ᠵᠢᠭᠤᠯᠴᠢᠯᠠᠯ ᠤᠨ ᠦᠢᠯᠡᠳᠬᠦᠨ ᠢ ᠬᠠᠨᠳᠤᠯᠭ᠎ᠠ ᠲᠠᠢ ᠪᠠᠷ ᠵᠤᠬᠢᠶᠠᠨ ᠪᠠᠶᠢᠭᠤᠯᠵᠤ᠂ ᠠᠮᠠᠷᠠᠯᠳᠠ ᠶᠢᠨ | ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠬᠦᠷ ᠤᠨ ᠬᠠᠨᠭ᠍ᠭᠠᠯᠭ᠎ᠠ ᠬᠡᠷᠡᠭᠴᠡᠭᠡ ᠶᠢ ᠡᠯᠪᠡᠭ ᠳᠡᠯᠪᠡᠭ ᠪᠤᠯᠭᠠᠪᠠ᠃ | ᠶᠠᠳᠠᠭᠤ ᠠᠴᠠ ᠠᠩᠬᠢᠵᠢᠷᠠᠭᠤᠯᠬᠤ ᠶᠢ ᠵᠢᠭᠤᠯᠴᠢᠯᠠᠯ ᠢᠶᠠᠷ ᠳᠠᠶᠢᠴᠢᠯᠠᠭᠰᠠᠨ ᠺᠠᠱᠭᠠᠷ ᠤᠷᠤᠨ ᠤ ᠮᠠᠺᠢᠲ ᠰᠢᠶᠠᠨ ︽ | ᠨᠢᠭᠡ ᠬᠠᠨᠭ᠍ᠰᠢ ᠪᠠᠷ ᠪᠦᠬᠦᠨ ᠢ ᠪᠠᠭᠳᠠᠭᠠᠬᠤ︾ ᠬᠡᠪ ᠵᠠᠭᠪᠤᠷ ᠢᠶᠠᠷ ᠳᠠᠮᠵᠢᠭᠤᠯᠤᠨ᠂ ᠨᠢᠬᠡ ᠡᠳᠦᠷ ᠤᠨ | ᠵᠢᠭᠤᠯᠴᠢᠯᠠᠯ ᠳᠤ ᠢᠳᠡᠬᠦ ᠬᠤᠨᠤᠬᠤ ᠶᠢ ᠪᠦᠬᠦᠨ ᠢ ᠪᠠᠭᠳᠠᠭᠠᠭᠰᠠᠨ᠂ ᠨᠢᠬᠡ ᠡᠳᠦᠷ ᠤᠨ ᠵᠢᠭᠤᠯᠴᠢᠯᠠᠯ ᠳᠤ ᠳ᠋ᠤᠤ ᠯᠠᠩ | ᠪᠦᠵᠢᠭ ᠠᠮᠳᠠᠳᠤ ᠢᠳᠡᠭᠡᠨ ᠢ ᠪᠠᠭᠳᠠᠭᠠᠭᠰᠠᠨ᠂ ᠨᠢᠬᠡ ᠡᠳᠦᠷ ᠤᠨ ᠵᠢᠭᠤᠯᠴᠢᠯᠠᠯ ᠳᠤ ᠦᠨᠳᠦᠰᠦᠲᠡᠨ ᠤ ᠤᠨᠴᠠᠯᠢᠭᠲᠤ | ᠢᠳᠡᠭᠡᠨ ᠢ ᠪᠠᠭᠳᠠᠭᠠᠭᠰᠠᠨ ᠭᠤᠷᠪᠠᠨ ᠲᠦᠷᠦᠯ ᠤᠨ ᠵᠢᠭᠤᠯᠴᠢᠯᠠᠯ ᠤᠨ ᠦᠢᠯᠡᠳᠬᠦᠨ ᠢ ᠬᠠᠨᠭ᠍ᠭᠠᠵᠤ᠂ ᠲᠤᠩ ᠤᠯᠠᠨ | ᠵᠢᠭᠤᠯᠴᠢᠯᠠᠭᠰᠠᠳ ᠤᠨ ᠠᠩᠬᠠᠷᠤᠯ ᠢ ᠳᠠᠳᠠᠪᠠ᠃ | ᠰᠢᠨᠵᠢᠶᠠᠩ ᠤᠨ ᠡᠯ᠎ᠠ ᠭᠠᠵᠠᠷ ᠤᠷᠤᠨ ᠤᠷᠤᠯᠴᠠᠬᠤ ᠰᠢᠨᠵᠢᠲᠡᠢ᠂ ᠪᠡᠶ᠎ᠡ ᠪᠠᠷ ᠢᠶᠠᠨ ᠤᠢᠢᠯᠠᠭᠠᠬᠤ ᠰᠢᠨᠵᠢᠲᠡᠢ᠂ | ᠰᠤᠨᠢᠷᠬᠠᠯᠳᠤ ᠰᠢᠨᠵᠢᠲᠡᠢ ᠵᠢᠭᠤᠯᠴᠢᠯᠠᠯ ᠤᠨ ᠠᠵᠢᠯᠯᠠᠭᠠᠠ ᠦᠷᠨᠢᠬᠦᠯᠵᠦ᠂ ᠠᠮᠠᠷᠠᠯᠳᠠ ᠶᠢᠨ ᠬᠤᠭᠤᠴᠠᠭᠠᠨ ᠤ | ᠵᠢᠭᠤᠯᠴᠢᠯᠠᠯ ᠤᠨ ᠵᠠᠬ᠎ᠠ ᠳᠡᠯᠬᠡᠭᠦᠷ ᠢ ᠤᠯᠠᠮ ᠬᠦᠷ ᠬᠦᠭᠵᠢᠶᠡᠨ ᠲᠠᠢ ᠪᠤᠯᠭᠠᠪᠠ᠃ ᠢᠯᠢ ᠶᠢᠨ ᠬᠠᠰᠠᠭ ᠦᠡᠳᠤᠰᠤᠳᠡᠡ | ᠦᠪᠡᠷᠳᠡᠭᠡᠨ ᠵᠠᠰᠠᠬᠤ ᠵᠸᠦ ︽ᠴᠠᠰᠤᠳᠤ ᠬᠠᠶᠢᠷᠬᠠᠠ · ᠨᠢᠷᠤᠭᠤ · ᠲᠡᠭᠷᠢ ᠠᠭᠤᠯᠠ ᠶᠢᠨ ᠴᠠᠰᠤᠨ ᠨᠠᠢᠮᠠᠯᠵᠢ︾ | ᠤᠰᠤᠨ ᠭᠠᠷᠤᠯᠳᠠ ᠶᠢᠨ ᠳᠡᠯᠭᠡᠨ ᠦᠵᠡᠬᠦᠯᠦᠯᠬᠡ ᠶᠢᠨ ᠪᠠᠶᠠᠷ᠂ ᠺᠠᠱᠭᠠᠷ ᠤᠷᠤᠨ ᠤ ︽ᠠᠨᠠᠷ ᠳᠡᠬᠦᠬᠦ · ᠳ᠋ᠤᠤ ᠯᠠᠩ | ᠪᠦᠵᠢᠭ ᠪᠦᠵᠢᠭᠯᠡᠬᠦ᠂ ᠰᠠᠷ᠎ᠠ ᠰᠤᠨᠢᠷᠬᠠᠬᠤ︾ ᠲᠡᠷᠭᠡᠯ ᠰᠠᠷ᠎ᠠ ᠶᠢᠨ ᠪᠠᠶᠠᠷ ᠢ ᠤᠭᠳᠤᠬᠤ ᠠᠵᠢᠯᠯᠠᠭᠠᠠ ᠭᠡᠬᠦ ᠮᠡᠲᠦ | ᠤᠯᠠᠨ ᠲᠦᠷᠦᠯ ᠤᠨ ᠠᠵᠢᠯᠯᠠᠭᠠᠠ ᠦᠷᠨᠢᠬᠦᠯᠵᠦ᠂ ᠪᠠᠭ᠎ᠠ ᠪᠤᠰᠤ ᠵᠢᠭᠤᠯᠴᠢᠯᠠᠭᠰᠠᠳ ᠤᠨ ᠠᠩᠬᠠᠷᠤᠯ ᠢ ᠳᠠᠳᠠᠪᠠ᠃ |