ᠤᠩᠨᠢᠭᠤᠳ ᠬᠤᠰᠢᠭᠤ ᠦᠨᠳᠦᠰᠦᠲᠡᠨ ᠤ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠶᠠᠰᠣ ᠴᠢᠨᠠᠷ ᠤᠨ ᠵᠠᠳᠠᠯᠣᠯᠲᠠ ᠵᠢᠴᠢ《 ᠰᠠᠶᠢᠨ ᠪᠠᠭᠰᠢ ᠪᠣᠯᠬᠤ ᠶᠢᠨ ᠣᠴᠢᠷ ᠲᠤ》ᠲᠣᠰᠬᠠᠢ ᠲᠠᠶᠢᠯᠣᠮᠵᠢ ᠶᠢᠨ ᠬᠢᠴᠢᠶᠡᠯ ᠡᠷᠬᠢᠯᠡᠭᠰᠡᠨ
ᠨᠡᠶᠢᠲᠡᠯᠡᠭᠰᠡᠨ ᠴᠠᠭ᠄
2017/10/12
       ᠪᠦᠬᠦ ᠬᠤᠰᠢᠭᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ ᠰᠣᠷᠭᠠᠭᠤᠯᠢ ᠪᠣᠯᠣᠨ ᠠᠩᠬ᠎ᠠ ᠲᠣᠮᠳᠠᠲᠣ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢᠨ ᠦᠨᠳᠦᠰᠦᠨ ᠪᠠᠶᠢᠳᠠᠯ ᠢ ᠤᠶᠢᠯᠭᠠᠵᠣ᠂ ᠪᠦᠬᠦ ᠬᠤᠰᠢᠭᠤᠨ ᠤ ᠰᠠᠭᠤᠷᠢ ᠰᠣᠷᠭᠠᠨ ᠬᠦᠮᠦᠵᠢᠯ ᠤᠨ ᠬᠢᠷᠢ ᠲᠦᠪᠰᠢᠨ ᠢ ᠨᠡᠩ ᠦᠨᠳᠦᠷ ᠲᠦᠪᠰᠢᠨ ᠳᠤ ᠬᠦᠷᠭᠡᠬᠦ ᠵᠣᠷᠢᠯᠭ᠎ᠠ ᠠᠴᠠ ᠤᠩᠨᠢᠭᠤᠳ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶᠠᠨ ᠤ ᠮᠣᠩᠭᠤᠯ ᠢᠶᠠᠷ  ᠵᠢᠭᠠᠬᠤ ᠶᠢ ᠰᠣᠳᠣᠯᠬᠤ ᠳᠠᠰᠤᠭ ᠠᠴᠠ2016—2017 ᠣᠨ ᠤ ᠰᠣᠷᠣᠯᠭ᠎ᠠ ᠶᠢᠨ ᠵᠢᠯ ᠤᠨ ᠪᠦᠬᠦ ᠬᠤᠰᠢᠭᠤᠨ ᠤ ᠦᠨᠳᠦᠰᠦᠲᠡᠨ ᠤ ᠰᠣᠷᠭᠠᠭᠤᠯᠢ ᠶᠢᠨ ᠵᠢᠭᠠᠨ ᠰᠣᠷᠭᠠᠯᠲᠠ  ᠶᠢᠨ ᠶᠠᠰᠦ ᠴᠢᠨᠠᠷ ᠤᠨ ᠵᠠᠳᠠᠯᠣᠯᠲᠠ ᠵᠢᠴᠢ《 ᠰᠠᠶᠢᠨ ᠪᠠᠭᠰᠢ ᠪᠣᠯᠬᠤ ᠶᠢᠨ ᠣᠴᠢᠷ ᠲᠤ》ᠲᠣᠰᠬᠠᠢ ᠲᠠᠶᠢᠯᠣᠮᠵᠢ ᠶᠢᠨ ᠬᠢᠴᠢᠶᠡᠯ ᠢ ᠪᠤᠷᠣᠬᠤᠲᠠ ᠮᠤᠩᠭᠤᠯ ᠪᠠᠭ᠎ᠠ ᠰᠣᠷᠭᠠᠭᠤᠯᠢ ᠳᠤ ᠡᠷᠬᠢᠯᠡᠭᠰᠡᠨ ᠪᠠᠶᠢᠨ᠎ᠠ᠃    
     ᠤᠩᠨᠢᠭᠤᠳ ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶᠠᠨ ᠤ ᠮᠤᠩᠭᠤᠯ ᠢᠶᠠᠷ ᠵᠢᠭᠠᠬᠤ ᠶᠢ ᠰᠣᠳᠣᠯᠬᠤ ᠳᠠᠰᠤᠭ ᠤᠨ ᠪᠠᠭᠰᠢᠨᠠᠷ ᠠᠴᠠ ᠪᠦᠬᠦ ᠬᠤᠰᠢᠭᠤᠨ ᠤ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠳᠣᠯᠣᠭᠠᠨ ᠮᠤᠩᠭᠤᠯ ᠪᠠᠭ᠎ᠠ ᠰᠣᠷᠭᠠᠭᠤᠯᠢ ᠶᠢᠨ ᠭᠤᠷᠪᠠᠳᠣᠭᠠᠷ ᠣᠨ ᠪᠣᠯᠣᠨ ᠵᠢᠷᠭᠤᠳᠣᠭᠠᠷ ᠣᠨ ᠤ ᠨᠢᠭᠡᠲᠦᠯᠲᠠᠢ ᠰᠢᠯᠭᠠᠯᠲᠠ ᠶᠢᠨ ᠦᠨᠳᠦᠰᠦᠨ ᠪᠠᠶᠢᠳᠠᠯ᠂ ᠶᠡᠷᠦᠩᠬᠡᠢ ᠪᠠᠶᠢᠳᠠᠯ ᠪᠣᠯᠣᠨ ᠬᠤᠪᠢ ᠨᠤᠷᠮ᠎ᠠ ᠵᠡᠷᠭᠡ ᠲᠠᠯ᠎ᠠ ᠠᠴᠠ ᠭᠦᠨᠵᠡᠭᠡᠢ ᠵᠠᠳᠠᠯᠣᠯᠲᠠ ᠬᠢᠭᠰᠡᠨ ᠤ ᠬᠠᠮᠲᠣ ᠮᠤᠩᠭᠤᠯ ᠢᠶᠠᠷ ᠬᠢᠴᠢᠶᠡᠯᠯᠡᠬᠦ ᠲᠣᠮᠳᠠᠲᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠲᠠᠯ᠎ᠠ ᠳᠤ ᠤᠷᠣᠰᠢᠵᠣ ᠪᠠᠶᠢᠭ᠎ᠠ ᠠᠰᠠᠭᠤᠳᠠᠯ ᠤᠳ ᠢ ᠨᠠᠷᠢᠯᠢᠭ ᠪᠠᠶᠢᠴᠠᠭᠠᠨ ᠨᠢᠮᠪᠠᠢ ᠵᠠᠳᠠᠯᠵᠣ ᠶᠠᠷᠢᠭᠰᠠᠨ ᠪᠠᠶᠢᠨ᠎ᠠ᠃ ᠤᠩᠨᠢᠭᠤᠳ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶᠠᠨ ᠤ ᠳᠡᠳ᠋ ᠳᠠᠷᠤᠭ᠎ᠠ ᠯᠢᠶᠠᠩ ᠰᠢᠦ ᠾᠧ ᠠᠴᠠ ᠬᠡᠷᠬᠢᠨ ᠬᠢᠷᠢ ᠲᠡᠩᠴᠡᠭᠰᠡᠨ ᠰᠠᠶᠢᠨ ᠪᠠᠭᠰᠢ ᠪᠣᠯᠬᠤ ᠲᠣᠬᠠᠢ ᠥᠪᠡᠷ ᠤᠨ ᠲᠣᠭᠤᠷᠢᠨ ᠪᠠᠶᠢᠴᠠᠭᠠᠯᠲᠠ᠂ ᠲᠣᠷᠰᠢᠯᠭ᠎ᠠ ᠰᠣᠷᠭᠠᠮᠵᠢ᠂ ᠦᠯᠢᠭᠡᠷ ᠵᠢᠱᠢᠶ᠎ᠡ ᠲᠠᠢ ᠣᠶᠠᠯᠳᠣᠭᠤᠯᠣᠨ᠂ ᠰᠢᠰᠲ᠋ᠧᠮ ᠲᠠᠢ ᠰᠠᠶᠢᠬᠠᠨ ᠲᠠᠶᠢᠯᠣᠮᠵᠢ ᠬᠢᠭᠰᠡᠨ ᠪᠠᠶᠢᠨ᠎ᠠ᠃      ᠲᠣᠰ ᠣᠳᠠᠭᠠᠨ ᠤ ᠲᠣᠰᠬᠠᠢ ᠲᠠᠶᠢᠯᠣᠮᠵᠢ ᠶᠢᠨ ᠬᠢᠴᠢᠶᠡᠯ ᠳᠤ ᠪᠣᠷᠣᠬᠤᠲᠠ ᠮᠤᠩᠭᠤᠯ ᠪᠠᠭ᠎ᠠ ᠰᠣᠷᠭᠠᠭᠤᠯᠢ ᠪᠣᠯᠣᠨ ᠪᠦᠯᠢᠶᠡᠨ ᠮᠤᠩᠭᠤᠯ ᠪᠠᠭ᠎ᠠ ᠰᠣᠷᠭᠠᠭᠤᠯᠢ ᠠᠴᠠ ᠨᠡᠶᠢᠲᠡ70 ᠭᠠᠷᠣᠢ ᠪᠠᠭᠰᠢᠨᠠᠷ ᠣᠷᠣᠯᠴᠠᠪᠠ᠃                                                                                         ᠷᠠᠳᠨ᠎ᠠ ᠮᠠᠨᠲᠠ ᠰᠡᠭᠦᠳᠡᠷᠯᠡᠨ ᠮᠡᠳᠡᠭᠡᠯᠡᠪᠡ
 
ᠢᠷᠡᠯᠲᠡ᠄ ᠣᠯᠠᠭᠠᠨᠬᠠᠳᠠ ᠶᠢᠨ ᠮᠤᠩᠭᠤᠯ ᠶᠡᠷᠦᠩᠬᠡᠶᠢᠯᠡᠭᠰᠡᠨ ᠷᠠᠳᠢᠣ᠋
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号