ᠦᠷᠬᠦᠯᠵᠢ ᠵᠢᠭᠠᠰᠤᠨ ᠮᠢᠬ᠎ᠠ ᠢᠳᠡᠪᠡᠯ ᠨᠦᠢᠷ ᠤᠨ ᠪᠤᠯᠴᠢᠷᠬᠠᠢ ᠶᠢᠨ ᠦᠮᠡᠨ ᠢ ᠰᠡᠷᠭᠡᠶᠢᠯᠡᠨ᠎ᠠ
ᠨᠡᠶᠢᠲᠡᠯᠡᠭᠰᠡᠨ ᠴᠠᠭ᠄
2017/10/13
       ᠵᠢᠭᠠᠰᠤ᠂ ᠢᠯᠠᠩᠭᠤᠶ᠎ᠠ ᠬᠦᠨ ᠳᠠᠯᠠᠢ ᠳᠠᠬᠢ ᠵᠢᠭᠠᠰᠤᠨ ᠮᠢᠬ᠎ᠠ ᠶᠢ ᠦᠷᠬᠦᠯᠵᠢ ᠢᠳᠡᠬᠦ ᠨᠢ ᠵᠢᠷᠦᠭᠡ ᠳᠠᠷᠢᠬᠢᠨ ᠤ ᠡᠷᠡᠬᠦᠯᠵᠢᠯ ᠳᠤ ᠳᠤᠰᠠᠳᠠᠢ ᠭᠡᠵᠦ ᠭᠡᠯᠴᠡᠳᠡᠭ᠃ ᠤᠢᠢᠷ᠎ᠠ ᠳᠤ᠂ ︽ᠠᠮᠧᠷᠢᠺᠠ ᠶᠢᠨ ᠡᠮᠴᠢᠯᠡᠭᠡᠨ ᠤ ᠰᠢᠮ᠎ᠡ ᠲᠡᠵᠢᠭᠡᠯ ᠤᠨ ᠰᠤᠳᠤᠯᠤᠯ ᠰᠡᠳᠬᠦᠯ︾ ᠶᠠᠫᠤᠨ ᠤ ᠨᠢᠭᠡᠨ ᠰᠢᠨ᠎ᠡ ᠰᠤᠳᠤᠯᠭᠠᠨ ᠤ ᠪᠦᠳᠦᠭᠡᠯ ᠢ ᠨᠡᠶᠢᠳᠡᠯᠡᠵᠦ᠂ ᠵᠢᠭᠠᠰᠤᠨ ᠮᠢᠬ᠎ᠠ ᠦᠷᠬᠦᠯᠵᠢ ᠢᠳᠡᠪᠡᠯ ᠪᠠᠰᠠ‌ᠨᠦ᠋ᠢᠷ ᠤᠨ ᠪᠤᠯᠴᠢᠷᠬᠠᠢ ᠶᠢᠨ ᠦᠮᠡᠨ ᠤ ᠲᠦᠭᠰᠢᠬᠦᠷᠢ ᠶᠢ ᠪᠠᠭᠠᠰᠬᠠᠳᠠᠭ ᠬᠡᠪᠡ᠃       ᠨᠦᠢᠷ ᠤᠨ ᠪᠤᠯᠴᠢᠷᠬᠠᠢ ᠶᠢᠨ ᠦᠮᠡᠨ ᠤ ᠬᠤᠤᠷ ᠪᠤᠯᠬᠤ ᠭᠡᠮᠵᠢᠶ᠎ᠡ ᠨᠢ ᠮᠠᠰᠢ ᠦᠨᠳᠦᠷ ᠮᠦᠷᠲᠡᠭᠡᠨ ᠠᠮᠠᠷᠬᠠᠨ ᠮᠡᠳᠡᠭᠳᠡᠳᠡᠭ‌ᠦᠭᠡᠢ᠂ ᠪᠠᠰᠠ ᠠᠮᠠᠷᠬᠠᠨ ᠰᠢᠯᠵᠢᠵᠦ᠂ ᠵᠠᠰᠠᠯᠭ᠎ᠠ ᠠᠪᠬᠤ ᠨᠢ ᠴᠤ ᠮᠠᠭᠤ ᠪᠠᠶᠢᠳᠠᠭ ᠠᠴᠠ ︽ᠦᠮᠡᠨ ᠤ ᠸᠠᠩ︾  ᠭᠡᠮᠡᠳᠡᠭ᠃ᠡᠪᠡᠳᠴᠢᠨ ᠢ ᠤᠨᠤᠰᠢᠯᠠᠭᠰᠠᠨ ᠤ ᠳᠠᠷᠠᠭ᠎ᠠ 5 ᠵᠢᠯ ᠠᠮᠢᠳᠤᠷᠠᠬᠤ ᠨᠤᠷᠮ᠎ᠠ ᠨᠢ 6% ᠯᠠ ᠬᠦᠷᠲᠡᠭ᠃       ᠶᠠᠫᠤᠨ ᠤ ᠤᠯᠤᠰ ᠤᠨ ᠦᠮᠡᠨ ‍ᠤ‌‍ᠲ᠋ᠦ᠋ᠪ ‍ᠤᠨ‌‍ᠰᠤᠳᠤᠯᠭᠠᠨ ᠤ ᠳᠤᠭᠤᠢᠢᠯᠠᠩ ᠤᠨ ᠬᠢᠨ 14 ᠲᠦᠮᠡᠨ ᠰᠠᠶᠢᠨ ᠳᠤᠷᠠᠴᠤᠤᠯ ᠳᠤ ᠮᠦᠷᠲᠡᠯ ᠪᠠᠶᠢᠴᠠᠭᠠᠯᠳᠠ ᠬᠢᠵᠦ᠂ ᠲᠡᠳᠡᠨ ᠤ ᠢᠳᠡᠭᠡᠨ ᠤᠮᠳᠠᠭᠠᠨ ᠤ ᠳᠠᠳᠬᠠᠯ ᠢ  ᠤᠢᠢᠯᠠᠭᠠᠵᠠᠢ᠃ ᠪᠠᠶᠢᠴᠠᠭᠠᠯᠳᠠ ᠶᠢᠨ ᠬᠤᠭᠤᠷᠤᠨᠳᠤ   449 ᠬᠦᠮᠦᠨ ᠨᠦᠢᠷ ᠤᠨ ᠪᠤᠯᠴᠢᠷᠬᠠᠢ ᠶᠢᠨ ᠦᠮᠡᠨ ᠳᠤ ᠨᠡᠷᠪᠡᠭᠳᠡᠭᠰᠡᠨ ᠢᠶᠠᠷ ᠤᠨᠤᠰᠢᠯᠠᠭᠳᠠᠪᠠ᠃ ᠡᠬᠦᠨ ᠳᠤ ᠤᠯᠵᠤ ᠮᠡᠳᠡᠭᠰᠡᠨ ᠢᠶᠠᠷ᠂ ᠵᠢᠭᠠᠰᠤᠨ ᠮᠢᠬ᠎ᠠ ᠦᠷᠬᠦᠯᠵᠢ ᠢᠳᠡᠳᠡᠭ ᠬᠦᠮᠦᠨ ᠤ ᠨᠦᠢᠷ ᠤᠨ ᠪᠤᠯᠴᠢᠷᠬᠠᠢ ᠵᠢᠨ‌ᠦᠮᠡᠨ ᠳᠤ ᠨᠡᠷᠪᠡᠭᠳᠡᠬᠦ ᠲᠦᠭᠰᠢᠬᠦᠷᠢ ᠨᠢ ᠪᠤᠰᠤᠳ ᠠᠴᠠ 30% ᠢᠶᠠᠷ ᠳᠤᠤᠷ᠎ᠠ ᠪᠠᠶᠢᠪᠠ᠃      ᠰᠤᠳᠤᠯᠭᠠᠳᠠᠳ ᠤᠨ ᠵᠢᠭᠠᠵᠤ ᠭᠠᠷᠭᠠᠭᠰᠠᠨ ᠢᠶᠠᠷ᠂  ᠵᠢᠭᠠᠰᠤᠨ ᠳᠠᠬᠢ ᠬᠠᠨᠤᠭᠰᠠᠨ ᠦᠭᠡᠢ ᠦᠭᠡᠬᠦᠨ ᠬᠦᠴᠢᠯ ᠨᠢ‌ᠦᠷᠪᠢᠰᠦᠯ ᠢ ᠡᠰᠡᠷᠬᠦᠴᠡᠬᠦ ᠪᠠ ᠦᠯᠦ ᠬᠠᠯᠳᠠᠭᠠᠬᠤ ᠴᠢᠳᠠᠯ ᠢ ᠵᠤᠬᠢᠴᠠᠭᠤᠯᠬᠤ ᠦᠢᠯᠡᠳᠦᠯ ᠲᠠᠢ ᠮᠦᠷᠲᠡᠭᠡᠨ ᠨᠦᠢᠷ ‍ᠤᠨ‌‍ᠪᠤᠯᠴᠢᠷᠬᠠᠢ ᠶᠢᠨ ᠦᠷᠪᠢᠰᠦᠯ ᠢ ᠳᠠᠷᠤᠳᠠᠭ ᠠᠴᠠ ᠨᠦᠢᠷ ᠤᠨ ᠪᠤᠯᠴᠢᠷᠬᠠᠢ ᠶᠢᠨ ᠦᠮᠡᠨ ᠤ ᠲᠦᠭᠰᠢᠬᠦᠷᠢ ᠴᠤ ᠪᠠᠭᠠᠰᠳᠠᠭ ᠲᠤ ᠪᠤᠢ᠃ ᠡᠶᠢᠮᠦ ᠠᠴᠠ ᠦᠷᠬᠦᠯᠵᠢ ᠵᠢᠭᠠᠰᠤᠨ ᠮᠢᠬ᠎ᠠ ᠢᠳᠡᠬᠦ ᠨᠢ ᠮᠠᠬᠠᠪᠤᠳ ᠤᠨ ᠡᠷᠡᠬᠦᠯᠵᠢᠯ ᠳᠤ ᠮᠠᠰᠢ ᠳᠤᠰᠠᠳᠠᠢ ᠶᠤᠮ᠃                                                                       ᠲᠤᠷᠤᠨ᠎ᠠ
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号