10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠰᠢᠶ᠋ᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ | ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠦᠸᠧ ᠶᠦᠩ ᠭᠠᠩ ᠬᠤᠷᠠᠯ ᠡᠷᠭᠢᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠶ᠋ᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ | ᠲᠦᠯᠬᠢᠨ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠶᠢᠷ᠎ᠠ ᠳᠤ ᠰᠢᠮᠳᠠᠭᠤᠯᠤᠨ | ᠪᠠᠶᠢᠴᠠᠭᠠᠬᠤ 6 ᠳᠤᠭᠤᠶᠢᠯᠠᠩ ᠲᠣᠮᠢᠯᠠᠨ ᠡᠯ᠎ᠡ ᠠᠶᠢᠮᠠᠭ ᠬᠤᠳᠠ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠬᠤ ᠪᠠᠷ ᠲᠣᠭᠲᠠᠵᠠᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠶᠢ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠶ᠋ᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ | ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠰᠢᠮᠳᠠᠭᠤᠯᠤᠨ | ᠪᠠᠶᠢᠴᠠᠭᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠳᠤᠮᠳᠠ᠂ ᠰᠢᠮᠳᠠᠭᠤᠯᠤᠨ | ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠰᠢᠮᠳᠠᠭᠤᠯᠤᠨ | ᠪᠠᠶᠢᠴᠠᠭᠠᠯᠲᠠ ᠶᠢᠨ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠨ᠂ | ᠪᠠᠷᠢᠮᠵᠢᠶ᠎ᠠ ᠶᠣᠰᠣᠭᠠᠷ ᠴᠢᠩᠭ᠎ᠠ ᠱᠠᠭᠠᠷᠳᠠᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠨᠡ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠨᠠᠷᠢᠨ | ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭ᠎ᠠ ᠶᠢ | ᠣᠨᠣᠪᠴᠢᠲᠠᠶ ᠡᠵᠡᠮᠳᠡᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠥᠯ ᠢᠶᠠᠨ ᠨᠠᠷᠢᠯᠢᠭᠵᠢᠭᠤᠯᠬᠤ ᠬᠡᠷᠡᠭᠲᠡᠢ᠃ | ᠰᠢᠮᠳᠠᠭᠤᠯᠤᠨ ᠪᠠᠶᠢᠴᠠᠭᠠᠬᠤ ᠪᠠᠷ ᠳᠠᠮᠵᠢᠨ ᠱᠠᠲᠤ ᠱᠠᠲᠤ ᠪᠠᠷ ᠳᠠᠷᠤᠯᠲᠠ ᠥᠭᠴᠦ᠂ ᠱᠠᠲᠦ ᠱᠠᠲᠦ ᠪᠠᠷ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠲᠡᠭᠦᠯᠳᠡᠷ ᠤᠶᠤᠨ ᠰᠠᠨᠠᠭ᠎ᠠ᠂ ᠨᠡᠩ ᠴᠢᠩᠭ᠎ᠠ ᠢᠲᠡᠭᠡᠯ | ᠵᠣᠷᠢᠭ᠂ ᠨᠡᠩ ᠬᠦᠴᠦᠲᠡᠶ ᠠᠷᠭ᠎ᠠ ᠬᠡᠮᠵᠢᠶ᠎ᠡ ᠪᠠᠷ᠂ ᠵᠢᠯ ᠤᠨ ᠡᠴᠦᠰ ᠠᠴᠠ ᠡᠮᠦᠨ᠎ᠡ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠲᠣᠭᠲᠠᠭᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃ | | |