ᠨᠡᠶᠢᠲᠡ ᠶᠢᠨ ᠠᠰᠠᠷᠠᠮᠵᠢ ᠶᠢᠨ ᠴᠢᠨᠠᠷᠲᠠᠶ ︽12340︾ ᠤᠲᠠᠰᠤ ᠪᠠᠷ ᠰᠤᠷᠪᠤᠯᠵᠢᠯᠠᠬᠤ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢ ᠪᠢᠲᠡᠭᠡᠢ ᠲᠡᠪᠴᠢᠭᠡᠷᠡᠢ
ᠨᠡᠶᠢᠲᠡᠯᠡᠭᠰᠡᠨ ᠴᠠᠭ᠄
2017-10-17
      ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠪᠠ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠴᠢᠩᠭᠠᠳᠬᠠᠬᠤ ᠪᠠᠷ ᠣᠨᠴᠠᠭᠠᠶᠢᠯᠠᠨ ᠭᠤᠶᠤᠴᠢᠯᠠᠭᠰᠠᠨ ᠪᠦᠬᠦ ᠤᠯᠤᠰ ᠤᠨ ᠨᠢᠭᠡᠳᠦᠯᠲᠡᠶ ᠨᠤᠮᠧᠷᠲᠦ ︽12340︾ ᠤᠲᠠᠰᠤ ᠶᠢ ᠪᠣᠯ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠭᠤᠣᠯᠯᠠᠨ ᠲᠣᠬᠢᠷᠠᠭᠤᠯᠵᠤ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠪᠠᠶᠢᠭᠤᠯᠤᠮᠵᠢ ᠨᠤᠭᠤᠳ ᠪᠦᠬᠦ ᠤᠯᠤᠰ ᠤᠨ ᠬᠡᠪᠴᠢᠶᠡᠨ ᠳᠤ ᠬᠡᠷᠡᠭᠯᠡᠬᠦ ᠤᠲᠠᠰᠤ ᠪᠣᠯᠣᠨ᠎ᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2016 ᠣᠨ ᠤ 10 ᠳ᠋ᠤᠭᠠᠷ ᠰᠠᠷ᠎ᠠ ᠳᠤ 12 ᠠᠶᠢᠮᠠᠭ ᠬᠤᠲᠠ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠪᠠᠶᠢᠭᠤᠯᠤᠮᠵᠢ ᠪᠠ ᠰᠢᠭᠤᠳ ᠤᠲᠠᠰᠤ ᠶᠢ ᠴᠥᠮ ᠪᠦᠷᠬᠦᠭᠦᠯᠪᠡ᠃ ᠲᠤᠰ ᠲᠥᠪ ᠨᠢ ᠵᠢᠯ ᠪᠦᠷᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠠᠶᠢᠳᠠᠭᠰᠠᠨ ᠴᠢᠬᠤᠯᠠ ᠶᠡᠭᠡ ᠣᠯᠠᠨ ᠳᠥᠷᠤᠯ ᠵᠦᠢᠯ ᠢ ᠬᠦᠯᠢᠶᠡᠨ ᠠᠪᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠲᠥᠷᠥᠯ ᠵᠦᠢᠯ ᠤᠨ ᠪᠠᠶᠢᠴᠠᠭᠠᠯᠲᠠ ᠶᠢ ᠢᠳᠡᠪᠬᠢᠲᠡᠶ ᠪᠡᠶ᠎ᠡ ᠪᠠᠨ ᠳᠠᠭᠠᠭᠠᠨ ᠥᠷᠨᠢᠭᠦᠯᠬᠦ ᠪᠣᠯᠣᠨ᠎ᠠ᠃ ᠤᠳᠤ ᠤᠯᠤᠰ ᠠᠴᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠯᠠᠮ ᠠᠴᠠ ᠤᠯᠠᠮ ᠴᠢᠬᠤᠯᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠯᠠᠩᠭᠤᠶ᠎ᠠ ᠦᠨᠳᠦᠰᠦᠨ ᠱᠠᠲᠤᠨ ᠤ ᠤᠯᠠᠨ ᠲᠦᠮᠡᠨ ᠳᠤ ᠶᠠᠪᠤᠭᠤᠯᠤᠭᠰᠠᠨ ᠪᠠᠶᠢᠴᠠᠭᠠᠯᠲᠠ ᠨᠢ᠂ ᠥᠷᠭᠡᠨ ᠤᠯᠠᠨ ᠲᠦᠮᠡᠨ ᠤ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠲᠤᠬᠠᠢ ᠰᠠᠨᠠᠯ ᠪᠠ ᠣᠪᠣᠷ ᠢ ᠴᠠᠭ ᠳᠠᠷᠤᠶ ᠳᠤᠨᠢ ᠪᠦᠲᠦᠮᠵᠢᠲᠡᠶ ᠴᠤᠭᠯᠠᠭᠤᠯᠵᠤ᠂ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠦᠨᠡᠨ ᠪᠣᠳᠠᠲᠠᠶ ᠪᠠᠷ ᠲᠤᠰᠬᠠᠵᠤ ᠪᠠᠶᠢᠨ᠎ᠠ᠃ ᠡᠭᠦᠨ ᠤ ᠬᠠᠮᠲᠤ᠂ ᠤᠲᠠᠰᠤ ᠪᠠᠷ ᠰᠤᠷᠪᠤᠯᠵᠢᠯᠠᠭ᠎ᠠ ᠬᠦᠯᠢᠶᠡᠭᠰᠡᠳ ᠤᠨ ᠬᠤᠪᠢ ᠬᠥᠮᠦᠨ ᠤ ᠮᠡᠳᠡᠭᠡ ᠵᠠᠩᠭᠢ ᠪᠠ ᠬᠠᠷᠢᠭᠤᠯᠲᠠ ᠶᠢᠨ ᠠᠭᠤᠯᠭ᠎ᠠ ᠶᠢᠨ ᠨᠢᠭᠤᠴᠠ ᠶᠢ ᠴᠢᠩᠳᠠ ᠬᠠᠮᠠᠭᠠᠯᠠᠵᠤ᠂ ᠠᠷᠤ ᠲᠠᠪᠴᠠᠩ ᠤᠨ ᠲᠤᠭ᠎ᠠ ᠪᠦᠷᠢᠳᠬᠡᠯ ᠨᠢ ᠲᠤᠭ᠎ᠠ ᠪᠦᠷᠢᠳᠬᠡᠯ ᠤᠨ ᠬᠠᠤᠯᠢ ᠶᠢᠨ ᠴᠢᠩᠭ᠎ᠠ ᠬᠢᠵᠠᠭᠠᠷᠯᠠᠯ ᠢ ᠬᠦᠯᠢᠶᠡᠵᠦ ᠪᠠᠶᠢᠬᠤ ᠲᠤᠯᠠ ᠤᠯᠡᠠ ᠢᠶᠠᠷ ᠢᠶᠠᠨ ᠪᠢᠲᠡᠭᠡᠢ ᠲᠡᠪᠴᠢᠭᠡᠷᠡᠢ᠃
 
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号