ᠤᠯᠠᠭᠠᠨᠬᠠᠳᠠ ᠬᠤᠲᠠ ᠤᠯᠤᠰ ᠤᠨ ᠴᠡᠴᠡᠷᠯᠢᠭ ᠤᠨ ᠬᠤᠲᠠ ᠪᠠᠷ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2017/10/18
      10 ᠰᠠᠷ᠎ᠠ ᠶᠢᠨ 15᠎ ᠤ ᠡᠳᠦᠷ᠂ ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠤᠷᠤᠨ ᠰᠠᠭᠤᠴᠠ ᠬᠢᠭᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠠᠴᠠ ᠤᠶᠢᠯᠠᠭᠠᠭᠰᠠᠨ ᠢᠶᠠᠷ᠂ ᠤᠶᠢᠷ᠎ᠠ ᠶᠢᠨ ᠡᠳᠦᠷ ᠲᠤ ᠤᠷᠤᠨ ᠰᠠᠭᠤᠴᠠ ᠬᠢᠬᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 2017 ᠤᠨ ᠤ ᠤᠯᠤᠰ ᠤᠨ ᠠᠮᠢ ᠠᠬᠤᠢ ᠶᠢᠨ ᠴᠡᠴᠡᠷᠯᠢᠭ ᠤᠨ ᠬᠤᠲᠠ᠂ ᠤᠯᠤᠰ ᠤᠨ ᠴᠡᠴᠡᠷᠯᠢᠭ ᠤᠨ ᠬᠤᠲᠠ᠂ ᠰᠢᠶᠠᠨ ᠪᠠ ᠬᠤᠲᠠ ᠪᠠᠯᠭᠠᠰᠤ ᠪᠠᠷ ᠵᠢᠱᠢᠭᠳᠡᠭᠰᠡᠨ ᠨᠡᠷᠡᠰ ᠢ ᠨᠡᠶᠢᠲᠡᠯᠡᠵᠡᠢ᠃ ᠤᠯᠠᠭᠠᠨᠬᠠᠳᠠ ᠬᠤᠲᠠ ᠵᠡᠷᠭᠡ 35 ᠬᠤᠲᠠ ᠶᠢ ᠤᠯᠤᠰ ᠤᠨ ᠴᠡᠴᠡᠷᠯᠢᠭ ᠤᠨ ᠬᠤᠲᠠ ᠪᠠᠷ ᠵᠢᠱᠢᠨ ᠨᠡᠷᠡᠶᠢᠳᠴᠦ ᠨᠡᠶᠢᠲᠡᠯᠡᠪᠡ᠃       2010 ᠤᠨ ᠳᠤ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ ᠴᠡᠴᠡᠷᠯᠢᠭ ᠤᠨ ᠬᠤᠲᠠ ᠶᠢ ᠡᠭᠦᠳᠦᠨ ᠪᠠᠶᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠠᠪᠴᠠᠯ ᠢ ᠳᠤᠷᠠᠳᠪᠡ᠃ ᠤᠶᠢᠷ᠎ᠠ ᠶᠢᠨ ᠬᠡᠳᠦᠨ ᠵᠢᠯ ᠳᠤ᠂ ᠤᠯᠠᠭᠠᠨᠬᠠᠳᠠ ᠬᠤᠲᠠ ᠤᠯᠤᠰ ᠤᠨ ᠴᠡᠴᠡᠷᠯᠢᠭ ᠤᠨ ᠬᠤᠲᠠ ᠶᠢ ᠡᠭᠦᠳᠦᠨ ᠪᠠᠶᠢᠭᠤᠯᠬᠤ ᠪᠠᠷ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠳᠤᠪᠤᠶᠢᠯᠭᠠᠨ᠂ ᠴᠡᠴᠡᠷᠯᠢᠭ ᠪᠠᠶᠢᠭᠤᠯᠬᠤ ᠠᠵᠢᠯ ᠳᠤ ᠪᠦᠭᠦᠳᠡᠭᠡᠷ ᠢᠶᠠᠨ ᠬᠤᠷᠰᠢᠨ ᠠᠵᠢᠯᠯᠠᠬᠤ ᠶᠢ ᠪᠠᠲᠤᠯᠠᠪᠠ︔ ᠬᠤᠲᠠ ᠶᠢᠨ ᠨᠤᠭᠤᠭᠠᠷᠠᠭᠤᠯᠤᠯᠲᠠ ᠶᠢᠨ ᠨᠤᠷᠮ᠎ᠠ ᠶᠢ ᠨᠡᠮᠡᠭᠳᠡᠭᠦᠯᠬᠦ ᠶᠢ ᠳᠤᠪᠤᠶᠢᠯᠭᠠᠨ᠂ ᠪᠤᠰᠤᠭ᠎ᠠ ᠬᠡᠯᠪᠡᠷᠢ ᠶᠢᠨ ᠪᠦᠬᠦ ᠲᠠᠯ᠎ᠠ ᠪᠠᠷ ᠴᠡᠴᠡᠷᠯᠢᠭᠵᠢᠭᠦᠯᠦᠨ ᠨᠤᠭᠤᠭᠠᠷᠠᠭᠤᠯᠬᠤ ᠰᠢᠰᠲ᠋ᠧᠮ ᠢ ᠪᠠᠶᠢᠭᠤᠯᠵᠡᠢ︔ ᠠᠮᠵᠢᠯᠲᠠ ᠪᠠᠨ ᠪᠠᠲᠤᠳᠬᠠᠬᠤ ᠶᠢ ᠳᠤᠪᠤᠶᠢᠯᠭᠠᠨ᠂ ᠴᠡᠴᠡᠷᠯᠢᠭ ᠤᠨ ᠬᠠᠮᠢᠶᠠᠷᠤᠯᠲᠠ ᠬᠠᠮᠭᠠᠯᠠᠯᠲᠠ ᠶᠢᠨ ᠤᠷᠳᠤ ᠬᠤᠭᠤᠴᠠᠭ᠎ᠠ ᠬᠦᠴᠦᠨ ᠲᠠᠢ ᠲᠤᠭᠲᠠᠴᠠ ᠶᠢ ᠴᠢᠷᠮᠠᠶᠢᠢᠨ ᠪᠦᠷᠢᠯᠳᠦᠭᠦᠯᠪᠡ︔ ᠲᠤᠬᠠᠢ ᠶᠢᠨ ᠭᠠᠵᠠᠷ ᠤᠨ ᠤᠨᠴᠠᠯᠢᠭ ᠢᠶᠠᠨ ᠳᠤᠪᠤᠶᠢᠯᠭᠠᠨ᠂ ᠬᠤᠲᠠ ᠶᠢᠨ ᠠᠭᠤᠯᠤᠭᠳᠠᠬᠤᠨ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ︔ ᠬᠠᠳᠠᠭᠤ ᠲᠤᠨᠤᠭ ᠢ ᠲᠦᠬᠦᠷᠵᠢᠭᠦᠯᠬᠦ ᠶᠢ ᠳᠤᠪᠤᠶᠢᠯᠭᠠᠨ᠂ ᠡᠶ᠎ᠡ ᠨᠠᠶᠢᠷᠠᠮᠳᠠᠭᠤ ᠰᠠᠭᠤᠬᠤ ᠳᠤ ᠲᠠᠭᠠᠯᠠᠮᠵᠢᠲᠠᠢ ᠲᠠᠯ᠎ᠠ ᠨᠤᠲᠤᠭ ᠤᠨ ᠰᠢᠨ᠎ᠡ ᠬᠤᠲᠠ ᠶᠢ ᠰᠢᠰᠲ᠋ᠧᠮ ᠲᠠᠢ ᠪᠤᠢ ᠪᠤᠯᠭᠠᠬᠤ ᠵᠡᠷᠭᠡ ᠬᠡᠳᠦᠨ ᠶᠡᠭᠡ ᠲᠠᠯ᠎ᠠ ᠪᠠᠷ ᠶᠡᠭᠡ ᠬᠡᠮᠵᠢᠶᠡᠨ ᠤ ᠳᠤᠪᠤᠶᠢᠮ᠎ᠠ ᠠᠮᠵᠢᠯᠲᠠ ᠤᠯᠵᠤ᠂ ᠡᠳᠡᠭᠡᠷ ᠨᠢ ᠲᠤᠰ ᠤᠳᠠᠭᠠᠨ ︽2017 ᠤᠨ ᠤ ᠤᠯᠤᠰ ᠤᠨ ᠴᠡᠴᠡᠷᠯᠢᠭ ᠤᠨ ᠬᠤᠲᠠ︾᠎ ᠶᠢᠨ ᠨᠡᠷᠡᠰ ᠲᠤ ᠵᠢᠭᠰᠠᠭᠠᠭᠳᠠᠬᠤ ᠳᠤ ᠪᠠᠲᠤ ᠰᠠᠭᠤᠷᠢ ᠲᠠᠯᠪᠢᠵᠤ ᠦᠭᠴᠡᠢ᠃       ᠤᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠤᠷᠢᠳ ᠬᠤᠵᠢᠳ ᠳᠤᠮᠳᠠᠳᠤ ᠤᠯᠤᠰ ᠤᠨ ᠵᠤᠭᠠᠴᠠᠯ ᠤᠨ ᠬᠤᠲᠠ᠂ ᠤᠯᠤᠰ ᠤᠨ ᠡᠷᠡᠭᠦᠯ ᠬᠠᠮᠭᠠᠯᠠᠯ ᠤᠨ ᠬᠤᠲᠠ᠂ ᠤᠯᠤᠰ ᠤᠨ ᠤᠢ ᠰᠢᠭᠤᠢ ᠶᠢᠨ ᠬᠤᠲᠠ᠂ ᠪᠦᠬᠦ ᠤᠯᠤᠰ ᠤᠨ ᠤᠶᠢᠵᠢᠭᠤᠯᠤᠨ ᠨᠤᠭᠤᠭᠠᠷᠠᠭᠤᠯᠤᠭᠰᠠᠨ ᠲᠡᠷᠢᠭᠦᠨ ᠤ ᠬᠤᠲᠠ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶ᠎ᠡ ᠦᠵᠡᠭᠦᠯᠬᠦ ᠬᠤᠲᠠ᠂ ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠡᠷᠢᠭᠦᠨ ᠤ ᠭᠠᠵᠠᠷ ᠤᠷᠤᠨ ᠵᠡᠷᠭᠡ ᠤᠯᠠᠨ ᠢᠷᠡᠭᠤ ᠠᠯᠳᠠᠷ ᠬᠦᠷᠲᠡᠵᠦ ᠦᠩᠭᠡᠷᠡᠪᠡ᠃
 
ᠢᠷᠡᠯᠲᠡ᠄ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠤᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号