10 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠤᠯᠠᠭᠠᠨᠬᠠᠳᠠ ᠬᠤᠲᠠ ᠶᠢᠨ ᠤᠷᠤᠨ ᠰᠠᠭᠤᠴᠠ | ᠬᠢᠭᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠠᠴᠠ ᠤᠶᠢᠯᠠᠭᠠᠭᠰᠠᠨ ᠢᠶᠠᠷ᠂ ᠤᠶᠢᠷ᠎ᠠ ᠶᠢᠨ | ᠡᠳᠦᠷ ᠲᠤ ᠤᠷᠤᠨ ᠰᠠᠭᠤᠴᠠ ᠬᠢᠬᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 2017 | ᠤᠨ ᠤ ᠤᠯᠤᠰ ᠤᠨ ᠠᠮᠢ ᠠᠬᠤᠢ ᠶᠢᠨ ᠴᠡᠴᠡᠷᠯᠢᠭ ᠤᠨ ᠬᠤᠲᠠ᠂ ᠤᠯᠤᠰ ᠤᠨ ᠴᠡᠴᠡᠷᠯᠢᠭ ᠤᠨ ᠬᠤᠲᠠ᠂ ᠰᠢᠶᠠᠨ | ᠪᠠ ᠬᠤᠲᠠ ᠪᠠᠯᠭᠠᠰᠤ ᠪᠠᠷ ᠵᠢᠱᠢᠭᠳᠡᠭᠰᠡᠨ ᠨᠡᠷᠡᠰ ᠢ ᠨᠡᠶᠢᠲᠡᠯᠡᠵᠡᠢ᠃ ᠤᠯᠠᠭᠠᠨᠬᠠᠳᠠ ᠬᠤᠲᠠ ᠵᠡᠷᠭᠡ 35 ᠬᠤᠲᠠ ᠶᠢ | ᠤᠯᠤᠰ ᠤᠨ ᠴᠡᠴᠡᠷᠯᠢᠭ ᠤᠨ ᠬᠤᠲᠠ ᠪᠠᠷ ᠵᠢᠱᠢᠨ ᠨᠡᠷᠡᠶᠢᠳᠴᠦ ᠨᠡᠶᠢᠲᠡᠯᠡᠪᠡ᠃ | 2010 ᠤᠨ ᠳᠤ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ | ᠴᠡᠴᠡᠷᠯᠢᠭ ᠤᠨ ᠬᠤᠲᠠ ᠶᠢ ᠡᠭᠦᠳᠦᠨ ᠪᠠᠶᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠠᠪᠴᠠᠯ ᠢ | ᠳᠤᠷᠠᠳᠪᠡ᠃ ᠤᠶᠢᠷ᠎ᠠ ᠶᠢᠨ ᠬᠡᠳᠦᠨ ᠵᠢᠯ ᠳᠤ᠂ ᠤᠯᠠᠭᠠᠨᠬᠠᠳᠠ ᠬᠤᠲᠠ ᠤᠯᠤᠰ ᠤᠨ ᠴᠡᠴᠡᠷᠯᠢᠭ ᠤᠨ ᠬᠤᠲᠠ ᠶᠢ | ᠡᠭᠦᠳᠦᠨ ᠪᠠᠶᠢᠭᠤᠯᠬᠤ ᠪᠠᠷ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠳᠤᠪᠤᠶᠢᠯᠭᠠᠨ᠂ ᠴᠡᠴᠡᠷᠯᠢᠭ ᠪᠠᠶᠢᠭᠤᠯᠬᠤ | ᠠᠵᠢᠯ ᠳᠤ ᠪᠦᠭᠦᠳᠡᠭᠡᠷ ᠢᠶᠠᠨ ᠬᠤᠷᠰᠢᠨ ᠠᠵᠢᠯᠯᠠᠬᠤ ᠶᠢ ᠪᠠᠲᠤᠯᠠᠪᠠ︔ ᠬᠤᠲᠠ ᠶᠢᠨ ᠨᠤᠭᠤᠭᠠᠷᠠᠭᠤᠯᠤᠯᠲᠠ ᠶᠢᠨ | ᠨᠤᠷᠮ᠎ᠠ ᠶᠢ ᠨᠡᠮᠡᠭᠳᠡᠭᠦᠯᠬᠦ ᠶᠢ ᠳᠤᠪᠤᠶᠢᠯᠭᠠᠨ᠂ ᠪᠤᠰᠤᠭ᠎ᠠ ᠬᠡᠯᠪᠡᠷᠢ ᠶᠢᠨ ᠪᠦᠬᠦ ᠲᠠᠯ᠎ᠠ ᠪᠠᠷ ᠴᠡᠴᠡᠷᠯᠢᠭᠵᠢᠭᠦᠯᠦᠨ | ᠨᠤᠭᠤᠭᠠᠷᠠᠭᠤᠯᠬᠤ ᠰᠢᠰᠲ᠋ᠧᠮ ᠢ ᠪᠠᠶᠢᠭᠤᠯᠵᠡᠢ︔ ᠠᠮᠵᠢᠯᠲᠠ ᠪᠠᠨ ᠪᠠᠲᠤᠳᠬᠠᠬᠤ ᠶᠢ ᠳᠤᠪᠤᠶᠢᠯᠭᠠᠨ᠂ ᠴᠡᠴᠡᠷᠯᠢᠭ ᠤᠨ | ᠬᠠᠮᠢᠶᠠᠷᠤᠯᠲᠠ ᠬᠠᠮᠭᠠᠯᠠᠯᠲᠠ ᠶᠢᠨ ᠤᠷᠳᠤ ᠬᠤᠭᠤᠴᠠᠭ᠎ᠠ ᠬᠦᠴᠦᠨ ᠲᠠᠢ ᠲᠤᠭᠲᠠᠴᠠ ᠶᠢ ᠴᠢᠷᠮᠠᠶᠢᠢᠨ ᠪᠦᠷᠢᠯᠳᠦᠭᠦᠯᠪᠡ︔ | ᠲᠤᠬᠠᠢ ᠶᠢᠨ ᠭᠠᠵᠠᠷ ᠤᠨ ᠤᠨᠴᠠᠯᠢᠭ ᠢᠶᠠᠨ ᠳᠤᠪᠤᠶᠢᠯᠭᠠᠨ᠂ ᠬᠤᠲᠠ ᠶᠢᠨ ᠠᠭᠤᠯᠤᠭᠳᠠᠬᠤᠨ ᠪᠠ ᠴᠢᠨᠠᠷ | ᠴᠢᠨᠰᠠᠭ᠎ᠠ ᠶᠢ ᠳᠡᠭᠡᠭᠰᠢᠯᠡᠭᠦᠯᠪᠡ︔ ᠬᠠᠳᠠᠭᠤ ᠲᠤᠨᠤᠭ ᠢ ᠲᠦᠬᠦᠷᠵᠢᠭᠦᠯᠬᠦ ᠶᠢ ᠳᠤᠪᠤᠶᠢᠯᠭᠠᠨ᠂ ᠡᠶ᠎ᠡ ᠨᠠᠶᠢᠷᠠᠮᠳᠠᠭᠤ | ᠰᠠᠭᠤᠬᠤ ᠳᠤ ᠲᠠᠭᠠᠯᠠᠮᠵᠢᠲᠠᠢ ᠲᠠᠯ᠎ᠠ ᠨᠤᠲᠤᠭ ᠤᠨ ᠰᠢᠨ᠎ᠡ ᠬᠤᠲᠠ ᠶᠢ ᠰᠢᠰᠲ᠋ᠧᠮ ᠲᠠᠢ ᠪᠤᠢ ᠪᠤᠯᠭᠠᠬᠤ ᠵᠡᠷᠭᠡ ᠬᠡᠳᠦᠨ | ᠶᠡᠭᠡ ᠲᠠᠯ᠎ᠠ ᠪᠠᠷ ᠶᠡᠭᠡ ᠬᠡᠮᠵᠢᠶᠡᠨ ᠤ ᠳᠤᠪᠤᠶᠢᠮ᠎ᠠ ᠠᠮᠵᠢᠯᠲᠠ ᠤᠯᠵᠤ᠂ ᠡᠳᠡᠭᠡᠷ ᠨᠢ ᠲᠤᠰ ᠤᠳᠠᠭᠠᠨ ︽2017 | ᠤᠨ ᠤ ᠤᠯᠤᠰ ᠤᠨ ᠴᠡᠴᠡᠷᠯᠢᠭ ᠤᠨ ᠬᠤᠲᠠ︾ ᠶᠢᠨ ᠨᠡᠷᠡᠰ ᠲᠤ ᠵᠢᠭᠰᠠᠭᠠᠭᠳᠠᠬᠤ ᠳᠤ ᠪᠠᠲᠤ ᠰᠠᠭᠤᠷᠢ ᠲᠠᠯᠪᠢᠵᠤ | ᠦᠭᠴᠡᠢ᠃ | ᠤᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠤᠷᠢᠳ ᠬᠤᠵᠢᠳ ᠳᠤᠮᠳᠠᠳᠤ ᠤᠯᠤᠰ ᠤᠨ ᠵᠤᠭᠠᠴᠠᠯ ᠤᠨ | ᠬᠤᠲᠠ᠂ ᠤᠯᠤᠰ ᠤᠨ ᠡᠷᠡᠭᠦᠯ ᠬᠠᠮᠭᠠᠯᠠᠯ ᠤᠨ ᠬᠤᠲᠠ᠂ ᠤᠯᠤᠰ ᠤᠨ ᠤᠢ ᠰᠢᠭᠤᠢ ᠶᠢᠨ ᠬᠤᠲᠠ᠂ ᠪᠦᠬᠦ | ᠤᠯᠤᠰ ᠤᠨ ᠤᠶᠢᠵᠢᠭᠤᠯᠤᠨ ᠨᠤᠭᠤᠭᠠᠷᠠᠭᠤᠯᠤᠭᠰᠠᠨ ᠲᠡᠷᠢᠭᠦᠨ ᠤ ᠬᠤᠲᠠ᠂ ᠪᠦᠬᠦ ᠤᠯᠤᠰ ᠤᠨ ᠬᠤᠶᠠᠷ ᠢ | ᠬᠦᠷᠢᠶᠡᠯᠡᠭᠰᠡᠨ ᠵᠢᠱᠢᠶ᠎ᠡ ᠦᠵᠡᠭᠦᠯᠬᠦ ᠬᠤᠲᠠ᠂ ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠡᠷᠢᠭᠦᠨ ᠤ ᠭᠠᠵᠠᠷ ᠤᠷᠤᠨ ᠵᠡᠷᠭᠡ ᠤᠯᠠᠨ ᠢᠷᠡᠭᠤ ᠠᠯᠳᠠᠷ ᠬᠦᠷᠲᠡᠵᠦ ᠦᠩᠭᠡᠷᠡᠪᠡ᠃ | |