ᠤᠯᠠᠭᠠᠨᠬᠠᠳᠠ ᠬᠤᠲᠠ ᠶᠢᠨ ︽ᠬᠤᠨ ᠭᠠᠯᠠᠭᠤ ᠴᠢᠳᠠᠪᠤᠷᠢᠲᠠᠨ ᠢ ᠤᠷᠤᠭᠤᠯᠬᠤ ᠲᠦᠯᠦᠪᠯᠡᠭᠡ︾
ᠨᠡᠶᠢᠲᠡᠯᠡᠭᠰᠡᠨ ᠴᠠᠭ᠄
2017-10-18
       ᠤᠯᠠᠭᠠᠨᠬᠠᠳᠠ ᠶᠢᠨ ᠮᠡᠳᠡᠭᠡ 10 ᠰᠠᠷ᠎ᠠ ᠶᠢᠨ 14 ᠤ ᠡᠳᠦᠷ᠂ ᠤᠯᠠᠭᠠᠨᠬᠠᠳᠠ ᠬᠤᠲᠠ ᠶᠢᠨ ︽ᠬᠤᠨ ᠭᠠᠯᠠᠭᠤ ᠴᠢᠳᠠᠪᠤᠷᠢᠲᠠᠨ ᠢ ᠤᠷᠤᠭᠤᠯᠬᠤ ᠲᠦᠯᠦᠪᠡᠯᠡᠭᠡ︾ — ᠪᠡᠭᠡᠵᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠲᠢᠩᠬᠢᠮ ᠤᠨ ᠤᠯᠤᠰ ᠤᠨ ᠳᠡᠰ ᠤᠨ ᠨᠡᠷᠡᠲᠦ ᠠᠬᠠᠮᠠᠳ ᠬᠢᠲᠠᠳ ᠡᠮᠴᠢ ᠶᠢᠨ ᠪᠦᠯᠬᠦᠮ ᠤᠯᠠᠭᠠᠨᠬᠠᠳᠠ ᠳᠤ ᠤᠷᠤᠵᠤ ᠢᠷᠡᠬᠦ ᠠᠵᠢᠯᠯᠠᠭᠠᠨ ᠤᠯᠠᠭᠠᠨᠬᠠᠳᠠ ᠶᠢᠨ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠳᠤ ᠡᠬᠢᠯᠡᠪᠡ᠃       ᠤᠶᠢᠯᠠᠭᠠᠭᠰᠠᠨ ᠢᠶᠠᠷ᠂ ︽ᠬᠤᠨ ᠭᠠᠯᠠᠭᠤ ᠴᠢᠳᠠᠪᠤᠷᠢᠲᠠᠨ ᠢ ᠤᠷᠤᠭᠤᠯᠬᠤ ᠲᠦᠯᠦᠪᠯᠡᠭᠡ︾ ᠪᠤᠯ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠴᠢᠳᠠᠪᠤᠷᠢᠲᠠᠨ ᠲᠤᠳᠠᠬᠤ︾ ᠠᠴᠠ ᠪᠤᠯᠵᠤ ᠬᠦᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠨᠤᠲᠤᠭ ᠤᠨ ᠬᠠᠶᠢᠷ᠎ᠠ ᠰᠡᠳᠭᠢᠯᠭᠡ ᠪᠠᠷ ᠬᠦᠭᠦᠷᠭᠡ ᠪᠤᠯᠭᠠᠬᠤ ᠠᠷᠭ᠎ᠠ ᠶᠢ ᠡᠭᠦᠳᠦᠨ ᠬᠡᠷᠡᠭᠵᠢᠭᠦᠯᠦᠭᠰᠡᠨ ᠴᠢᠳᠠᠪᠤᠷᠢᠲᠡᠨ ᠢ ᠲᠠᠳᠠᠨ ᠠᠪᠴᠢᠷᠠᠬᠤ ᠠᠵᠢᠯᠯᠠᠭ᠎ᠠ᠂ ᠲᠤᠰ ᠠᠵᠢᠯᠯᠠᠭ᠎ᠠ ᠨᠢ ᠲᠡᠪᠴᠡᠩ ᠪᠠᠶᠢᠭᠤᠯᠬᠤ ᠪᠠᠷ ᠳᠠᠮᠵᠢᠨ᠂ ᠭᠠᠳᠠᠷ ᠤᠷᠤᠨ ᠳᠤ ᠪᠠᠶᠢᠭ᠎ᠠ ᠤᠯᠠᠭᠠᠨᠬᠠᠳᠠ ᠨᠤᠲᠤᠭ ᠲᠠᠢ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠤ ᠨᠤᠲᠤᠭ ᠤᠷᠤᠨ ᠤ ᠪᠠᠨ ᠬᠦᠭᠵᠢᠯᠲᠡ ᠳᠤ ᠵᠢᠭᠠᠨ ᠵᠢᠯᠤᠭᠤᠳᠤᠯᠭ᠎ᠠ ᠦᠭᠴᠦ᠂ ᠠᠷᠭ᠎ᠠ ᠬᠡᠮᠵᠢᠶ᠎ᠡ ᠭᠠᠷᠭᠠᠨ᠂ ᠨᠤᠲᠤᠭ ᠤᠨ ᠪᠦᠲᠦᠭᠡᠨ ᠪᠠᠶᠢᠭᠤᠯᠤᠯᠲᠠ ᠪᠠᠨ ᠪᠦᠬᠦ ᠬᠦᠴᠦᠨ ᠢᠶᠠᠷ ᠳᠡᠮᠵᠢᠬᠦ ᠶᠢ ᠵᠤᠷᠢᠭᠵᠢᠭᠤᠯᠬᠤ ᠪᠠᠷ ᠵᠤᠷᠢᠯᠲᠠ ᠪᠠᠨ ᠪᠤᠯᠭᠠᠪᠠ᠃ ᠡᠨᠡ ᠤᠳᠠᠭᠠᠨ ᠤ ᠪᠡᠭᠡᠵᠢᠩ ᠤᠨ ᠬᠢᠳᠡᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠲᠢᠩᠬᠢᠮ ᠤᠨ ᠵᠤᠬᠢᠶᠠᠨ ᠪᠠᠶᠢᠭᠤᠯᠤᠭᠰᠠᠨ ᠤᠯᠤᠰ ᠤᠨ ᠳᠡᠰ ᠤᠨ ᠨᠡᠷᠡᠲᠦ ᠠᠬᠠᠮᠠᠳ ᠬᠢᠲᠠᠳ ᠡᠮᠴᠢ ᠶᠢ ᠤᠯᠠᠭᠠᠨᠬᠠᠳᠠ ᠳᠤ ᠤᠷᠢᠨ ᠠᠪᠴᠢᠷᠠᠬᠤ ᠠᠵᠢᠯᠯᠠᠭᠠᠨ ᠨᠢ ᠤᠯᠠᠭᠠᠨᠬᠠᠳᠠ ᠬᠤᠲᠠ ᠶᠢᠨ ︽ᠬᠤᠨ ᠭᠠᠯᠠᠭᠤ ᠴᠢᠳᠠᠪᠤᠷᠢᠲᠡᠨ ᠢ ᠤᠷᠤᠭᠤᠯᠬᠤ ᠲᠦᠯᠦᠪᠯᠡᠭᠡ︾ ᠶᠢᠨ ᠨᠢᠭᠡᠨ ᠴᠢᠬᠤᠯᠠ ᠠᠭᠤᠯᠭ᠎ᠠ᠂ ᠮᠦᠨᠴᠦ ᠤᠯᠠᠭᠠᠨᠬᠠᠳᠠ ᠬᠤᠲᠠ ᠶᠢᠨ ᠪᠡᠭᠡᠵᠢᠩ ᠳᠤ ᠰᠠᠭᠤᠭ᠎ᠠ ᠬᠤᠨ ᠭᠠᠯᠠᠭᠤ ᠠᠵᠢᠯ ᠤᠨ ᠦᠷᠲᠡᠭᠡᠨ ᠤ ᠫᠠᠶᠢᠰᠠ ᠡᠯᠭᠦᠭᠰᠡᠨ ᠤ ᠳᠠᠷᠠᠭ᠎ᠠ ᠦᠷᠨᠢᠭᠦᠯᠦᠭᠰᠡᠨ ᠬᠠᠮᠤᠭ ᠠᠩᠬᠠᠨ ᠤ ᠠᠵᠢᠯᠯᠠᠭᠠᠨ ᠪᠤᠯᠤᠨ᠎ᠠ᠃       ᠠᠵᠢᠯᠯᠠᠭᠠᠨ ᠤ ᠬᠤᠭᠤᠴᠠᠭᠠᠨ ᠳᠤ᠂ ᠪᠡᠭᠡᠵᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠲᠢᠩᠬᠢᠮ ᠤᠨ ᠤᠯᠤᠰ ᠤᠨ ᠳᠡᠰ ᠤᠨ ᠨᠠᠷᠡᠲᠦ ᠬᠢᠲᠠᠳ ᠡᠮᠴᠢ ᠶᠢᠨ ᠪᠦᠯᠬᠦᠮ ᠤᠨ ᠸᠠᠩ ᠴᠢᠩ ᠭᠦᠸᠧ᠂ ᠯᠢᠦ ᠳ᠋ᠠ ᠰᠢᠨ ᠵᠡᠷᠭᠡ ᠪᠦᠬᠦ ᠤᠯᠤᠰ ᠲᠤ ᠨᠡᠷᠡᠲᠡᠢ ᠠᠬᠠᠮᠠᠳ ᠬᠢᠲᠠᠳ ᠡᠮᠴᠢ ᠨᠠᠷ ᠤᠯᠠᠭᠠᠨᠬᠠᠳᠠ ᠬᠤᠲᠠ ᠶᠢᠨ ᠦᠷᠭᠡᠨ ᠤᠯᠠᠨ ᠦᠨᠳᠦᠰᠦᠨ ᠱᠠᠲᠤᠨ ᠤ ᠡᠪᠡᠳᠴᠢᠲᠡᠳ ᠲᠤ ᠦᠨ᠎ᠡ ᠲᠦᠯᠦᠪᠦᠷᠢ ᠦᠭᠡᠢ ᠪᠠᠷ ᠵᠢᠷᠤᠮ ᠤᠨ ᠡᠮᠴᠢᠯᠡᠭᠡ ᠬᠢᠵᠦ᠂ ᠦᠨᠳᠦᠰᠦᠨ ᠱᠠᠲᠤᠨ ᠤ ᠬᠢᠲᠠᠳ ᠡᠮᠨᠡᠯᠭᠡ ᠶᠢᠨ ᠡᠮᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠪᠤᠯᠪᠠᠰᠤᠷᠠᠯ ᠤᠨ ︽ᠬᠢᠲᠠᠳ ᠡᠮᠨᠡᠯᠭᠡ ᠶᠢᠨ ᠬᠢᠴᠢᠶᠡᠯᠯᠡᠭᠡ ᠶᠢᠨ ᠶᠡᠭᠡ ᠲᠢᠩᠬᠢᠮ︾ ᠢ ᠡᠷᠬᠢᠯᠡᠵᠡᠢ᠃
 
ᠢᠷᠡᠯᠲᠡ᠄ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号