ᠤᠩᠨᠢᠭᠤᠳ ᠬᠤᠰᠢᠭᠤ ᠨᠢ《 ᠯᠣᠣᠲᠣ ᠨᠣᠲᠤᠭ ᠤᠨ ᠪᠤᠶᠠᠨᠰᠠᠭ ᠠᠵᠢᠯᠯᠠᠭᠠᠨ》 ᠢᠶᠠᠷ ᠭᠤᠣᠯ ᠰᠡᠳᠦᠪ ᠪᠤᠯᠭᠠᠭᠰᠠᠨ ᠰᠣᠷᠭᠠᠨ ᠬᠦᠮᠦᠵᠢᠯ ᠡᠷᠡᠭᠦᠯ ᠡᠩᠬᠡ ᠪᠠᠷ ᠶᠠᠳᠠᠭᠤ ᠶᠢ ᠳᠡᠳᠭᠦᠬᠦ ᠪᠡᠯᠡ ᠴᠤᠭᠯᠠᠭᠤᠯᠬᠤ ᠠᠵᠢᠯᠯᠠᠭᠠᠨ ᠶᠠᠪᠣᠭᠤᠯᠪᠠ
ᠨᠡᠶᠢᠲᠡᠯᠡᠭᠰᠡᠨ ᠴᠠᠭ᠄
2017-10-18
       10 ᠰᠠᠷ᠎ᠠ ᠶᠢᠨ 17 ᠤ ᠡᠳᠦᠷ᠂ ᠣᠯᠣᠰ ᠤᠨ ᠳᠦᠷᠪᠡᠳᠡᠬᠢ《  ᠶᠠᠳᠠᠭᠤ ᠶᠢ ᠳᠡᠳᠭᠦᠬᠦ ᠡᠳᠦᠷ》 ᠢ ᠳᠤᠬᠢᠶᠠᠯᠳᠣᠭᠤᠯᠣᠨ᠂ ᠤᠩᠨᠢᠭᠤᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠷᠣᠬᠤᠲᠠ ᠶᠢᠨ ᠨᠢᠭᠡᠳᠦᠭᠡᠷ ᠲᠣᠮᠳᠠᠳᠣ ᠰᠣᠷᠭᠠᠭᠤᠯᠢ ᠳᠤ《 ᠯᠣᠣᠲᠣ ᠨᠣᠲᠤᠭ ᠤᠨ ᠪᠤᠶᠠᠨᠰᠠᠭ ᠠᠵᠢᠯᠯᠠᠭᠠᠨ》 ᠢᠶᠠᠷ ᠭᠤᠣᠯ ᠰᠡᠳᠦᠪ ᠪᠤᠯᠭᠠᠭᠰᠠᠨ ᠰᠣᠷᠭᠠᠨ ᠬᠦᠮᠦᠵᠢᠯ ᠡᠷᠡᠭᠦᠯ ᠡᠩᠬᠡ ᠪᠠᠷ ᠶᠠᠳᠠᠭᠤ ᠶᠢ ᠳᠡᠳᠭᠦᠬᠦ ᠪᠡᠯᠡ ᠴᠤᠭᠯᠠᠭᠤᠯᠬᠤ ᠠᠵᠢᠯᠯᠠᠭᠠᠨ ᠤ ᠡᠬᠢᠯᠡᠯᠲᠡ ᠶᠢᠨ ᠶᠤᠰᠣᠯᠠᠯ ᠶᠠᠪᠣᠭᠳᠠᠭᠤᠯᠵᠣ᠂  ᠨᠡᠶᠢᠭᠡᠮ ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠳᠡᠳᠭᠦᠬᠦ ᠠᠵᠢᠯ ᠢ ᠬᠠᠯᠠᠮᠵᠢᠯᠠᠨ ᠳᠡᠮᠵᠢᠵᠣ᠂ ᠬᠦᠮᠦᠨ ᠪᠤᠯᠭᠠᠨ ᠶᠠᠳᠠᠭᠤ ᠶᠢ ᠳᠡᠳᠭᠦᠬᠦ ᠠᠵᠢᠯ ᠳᠤ ᠤᠷᠣᠯᠴᠠᠬᠤ ᠥᠳᠭᠡᠨ ᠵᠣᠵᠠᠭᠠᠨ ᠠᠭᠤᠷ ᠠᠮᠢᠰᠬᠤᠯ ᠢ ᠪᠤᠢ  ᠪᠤᠯᠭᠠᠬᠤ ᠶᠢ ᠣᠷᠢᠶᠠᠯᠠᠨ ᠳᠠᠶᠢᠴᠢᠯᠠᠵᠠᠢ᠃
       ᠡᠬᠢᠯᠡᠯᠲᠡ ᠶᠢᠨ ᠶᠤᠰᠤᠯᠠᠯ ᠤᠨ ᠳᠠᠷᠠᠭ᠎ᠠ ᠠᠬᠤᠢ ᠲᠠᠯᠠᠪᠠᠢ ᠳᠤ ᠪᠡᠯᠡ ᠴᠤᠭᠯᠠᠭᠤᠯᠬᠤ ᠶᠢᠨ ᠬᠠᠮᠲᠣ ᠭᠤᠶᠢᠲᠠ  ᠰᠠᠶᠢᠬᠠᠨ ᠣᠷᠠᠨ ᠰᠠᠶᠢᠬᠠᠨ ᠤ ᠲᠣᠭᠯᠠᠯᠲᠠ ᠭᠠᠷᠭᠠᠵᠣ᠂ ᠲᠣᠬᠠᠢ ᠶᠢᠨ ᠡᠳᠦᠷ ᠲᠤ ᠨᠡᠶᠢᠲᠡ 950 ᠲᠦᠮᠡᠨ ᠲᠦᠭᠦᠷᠢᠭ ᠤᠨ ᠪᠡᠯᠡ ᠴᠣᠭᠯᠠᠭᠤᠯᠣᠭᠰᠠᠨ ᠪᠠᠶᠢᠨ᠎ᠠ᠃
                                              ᠡᠷᠳᠡᠨᠢᠳᠦᠭᠦᠷᠡᠩ ᠰᠡᠭᠦᠳᠡᠷᠯᠡᠨ ᠮᠡᠳᠡᠭᠡᠯᠡᠪᠡ  
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号