ᠠᠰᠢᠬᠠᠨ ᠰᠤᠮᠣ ᠶᠢᠨ ᠣᠯᠠᠭᠠᠨᠬᠤᠲᠣ ᠭᠠᠴᠠᠭᠠᠨ ᠤ ᠺᠠᠳ᠋ᠷ ᠤᠯᠠᠨ ᠲᠦᠮᠡᠨ‌ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠣ ᠦᠵᠡᠪᠡ
ᠨᠡᠶᠢᠲᠡᠯᠡᠭᠰᠡᠨ ᠴᠠᠭ᠄
2017/10/19
       10 ᠰᠠᠷ᠎ᠠ ᠶᠢᠨ 18᠎ ᠤ ᠡᠳᠦᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠥᠪᠡᠳᠡᠭᠰᠢ ᠶᠡᠬᠡᠪᠡᠷ ᠡᠬᠢᠯᠡᠭᠰᠡᠨ᠎ᠡ᠂ ᠤᠩᠨᠢᠭᠤᠳ ᠬᠤᠰᠢᠭᠤᠨ ᠤ ᠠᠰᠢᠬᠠᠨ ᠰᠤᠮᠣ ᠶᠢᠨ ᠣᠯᠠᠭᠠᠨᠬᠤᠲᠣ ᠭᠠᠴᠠᠭᠠᠨ ᠤ ᠨᠠᠮ ᠤᠨ ᠬᠡᠰᠢᠭᠦᠨ ᠮᠠᠯᠴᠢᠨ ᠲᠦᠮᠡᠨ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠣ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ  ᠬᠤᠷᠠᠯ ᠳᠤ ᠬᠢᠭᠰᠡᠨ ᠢᠯᠡᠳᠭᠡᠯ ᠢ ᠰᠤᠨᠤᠰᠴᠣ᠂ ᠢᠷᠡᠭᠡᠳᠦᠢ ᠶᠢᠨ ᠲᠠᠪᠦᠨ ᠵᠢᠯ ᠤᠨ ᠬᠦᠭᠵᠢᠯᠲᠡ ᠶᠢᠨ ᠵᠢᠷᠤᠭ  ᠲᠦᠯᠦᠪᠯᠡᠭᠡ ᠶᠢ ᠤᠶᠢᠯᠠᠭᠠᠵᠠᠢ᠃ ᠢᠯᠡᠳᠭᠡᠯ ᠢ ᠰᠤᠨᠣᠰᠣᠭᠠᠳ ᠨᠠᠮ ᠤᠨ ᠬᠡᠰᠢᠭᠦᠨ ᠪᠠ ᠮᠠᠯᠴᠢᠨ ᠲᠦᠮᠡᠨ ᠮᠠᠰᠢ ᠶᠡᠭᠡ ᠵᠤᠷᠢᠭᠵᠢᠭᠤᠯᠣᠯ ᠬᠦᠷᠲᠡᠵᠣ᠂ ᠦᠵᠡᠯ ᠰᠠᠨᠠᠭ᠎ᠠ ᠪᠠ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠯᠤᠭ᠎ᠠ  ᠨᠢᠭᠡᠳᠭᠡᠵᠣ᠂ ᠰᠢᠨ᠎ᠡ ᠮᠠᠯᠵᠢᠬᠤ ᠣᠷᠣᠨ᠂ ᠰᠢᠨ᠎ᠡ ᠭᠡᠷ ᠬᠦᠷᠢᠶᠡᠯᠡᠩ ᠢᠶᠠᠨ ᠪᠦᠲᠦᠭᠡᠨ ᠪᠠᠶᠢᠭᠤᠯᠵᠣ᠂ ᠰᠢᠨ᠎ᠡ ᠬᠢᠷᠢ ᠪᠦᠲᠦᠮᠵᠢ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠪᠡᠯᠡᠭ ᠪᠠᠷᠢᠨ᠎ᠠ ᠭᠡᠵᠣ ᠢᠯᠡᠳᠭᠡᠵᠡᠭᠡᠪᠡ᠃                                                                                                       ᠡᠷᠳᠡᠨᠢᠳᠦᠭᠦᠷᠡᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号