ᠦᠪᠡᠷ ᠲᠡᠭᠡᠨ ᠵᠤᠬᠢᠷᠠᠭᠰᠠᠨ ᠬᠦᠳᠡᠯᠭᠡᠭᠡᠨ ᠢ ᠰᠤᠩᠭᠤᠨ᠎ᠠ
ᠨᠡᠶᠢᠲᠡᠯᠡᠭᠰᠡᠨ ᠴᠠᠭ᠄
2017/10/20
     ︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾᠎ ᠲᠤ᠂ ᠡᠯ᠎ᠠ ᠵᠦᠢᠯ ᠤᠨ ᠳᠠᠮᠢᠷ ᠤᠨ ᠬᠦᠳᠡᠯᠭᠡᠭᠡᠨ ᠤ ᠤᠨᠴᠠᠯᠢᠬ ᠢ ᠦᠨᠳᠦᠰᠦᠯᠡᠨ᠂ ᠳᠠᠮᠢᠷ ᠤᠨ ᠬᠦᠳᠡᠯᠭᠡᠭᠡᠨ ᠤ ᠳᠦᠷᠦᠯ ᠵᠦᠢᠯ ᠢ ᠬᠦᠴᠢᠯᠳᠦ᠋ᠷᠦᠭᠴᠢᠳᠤ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠳᠦᠷᠦᠯ᠂ ᠳᠤᠮᠳᠠᠳᠤ ᠤᠯᠤᠰ ᠤᠨ ᠤᠯᠠᠮᠵᠢᠯᠠᠯᠳᠤ ᠳᠠᠮᠢᠷ᠂ ᠳᠠᠳᠠᠵᠤ ᠰᠤᠩᠭᠠᠬᠤ ᠪᠤᠯᠪᠠᠰᠤᠷᠠᠯ ᠭᠡᠵᠦ ᠬᠤᠪᠢᠶᠠᠵᠠᠢ᠃      ᠬᠦᠴᠢᠯᠳᠦ᠋ᠷᠦᠭᠴᠢᠳᠤ ᠬᠦᠳᠡᠯᠭᠡᠭᠡᠨ ᠪᠤᠯ ᠬᠦᠮᠦᠰ ᠲᠤ ᠬᠠᠮᠤᠭ ᠤᠨ ᠢᠯᠡᠭᠦᠦ ᠳᠠᠭᠠᠯᠠᠭᠳᠠᠳᠠᠭ ᠬᠦᠳᠡᠯᠭᠡᠭᠡᠨ ᠤ ᠬᠡᠯᠪᠡᠷᠢ ᠪᠤᠯᠤᠨ᠎ᠠ᠂ ᠮᠦᠨ ᠴᠤ ᠬᠠᠮᠤᠭ ᠤᠨ ᠴᠢᠬᠤᠯᠠ ᠪᠡᠶ᠎ᠡ ᠶᠢᠨ ᠪᠤᠯᠪᠠᠰᠤᠷᠠᠯ ᠤᠨ ᠳᠠᠮᠢᠷ ᠤᠨ ᠬᠦᠳᠡᠯᠭᠡᠭᠡᠨ ᠪᠤᠯᠤᠨ᠎ᠠ᠃ ᠵᠢᠱᠢᠶᠡᠯᠡᠪᠡᠯ ᠢᠳᠡᠷᠭᠡᠭ ᠠᠯᠬᠤᠯᠳᠠ᠂ ᠬᠦᠶᠦᠬᠦ᠂ ᠠᠭᠤᠯᠠ ᠠᠪᠠᠷᠢᠬᠤ᠂ ᠤᠰᠤ ᠤᠮᠪᠠᠭ᠋ᠤ ᠭᠡᠬᠦ ᠮᠡᠳᠦ᠃ ᠬᠦᠴᠢᠯᠳᠦ᠋ᠷᠦᠭᠴᠢᠳᠦ ᠬᠦᠳᠡᠯᠭᠡᠭᠡᠨ ᠤ ᠠᠶᠢᠵᠠᠮ ᠨᠢ ᠳᠤᠭᠳᠠᠭᠤᠨ᠂ ᠪᠡᠶ᠎ᠡ ᠶᠢᠨ ᠱᠠᠭᠠᠷᠳᠠᠯᠭ᠎ᠠ ᠪᠠᠨ ᠦᠨᠳᠦᠰᠦᠯᠡᠨ ᠬᠦᠳᠡᠯᠭᠡᠭᠡᠨ ᠤ ᠡᠷᠴᠢᠮ ᠢᠶᠠᠨ ᠵᠤᠬᠢᠴᠠᠭᠤᠯᠵᠤ ᠪᠤᠯᠳᠠᠭ ᠵᠡᠷᠭᠡ ᠤᠨᠴᠠᠯᠢᠬ ᠠᠴᠠ ᠪᠠᠨ ᠪᠤᠯᠤᠭᠠᠳ ᠡᠯ᠎ᠠ ᠨᠠᠰᠤᠨ ᠤ ᠬᠦᠮᠦᠰ ᠲᠤ ᠪᠦᠷ ᠵᠤᠬᠢᠷᠠᠳᠠᠭ᠃ ᠠᠭᠤᠰᠬᠢ ᠵᠢᠷᠦᠭᠡᠨ ᠤ ᠴᠢᠳᠠᠪᠬᠢ ᠶᠢ ᠰᠠᠶᠢᠵᠢᠷᠠᠭᠤᠯᠬᠤ᠂ ᠪᠡᠶ᠎ᠡ ᠶᠢᠨ ᠬᠦᠨᠳᠦ ᠶᠢ ᠪᠠᠭᠤᠷᠠᠭᠤᠯᠬᠤ᠂ ᠴᠢᠰᠤᠨ ᠳᠠᠷᠤᠯᠳᠠ ᠶᠢ ᠳᠤᠭᠳᠠᠪᠤᠷᠢᠵᠢᠭᠤᠯᠬᠤ᠂ ᠴᠢᠰᠦ ᠦᠭᠡᠬᠦᠯᠡᠭᠰᠡᠨ ᠪᠠᠶᠢᠳᠠᠯ ᠢᠶᠠᠨ ᠰᠠᠶᠢᠵᠢᠷᠠᠭᠤᠯᠬᠤ ᠶᠢ ᠵᠤᠷᠢᠵᠤ ᠪᠠᠶᠢᠭ᠎ᠠ ᠬᠦᠮᠦᠰ ᠡᠨᠡ ᠲᠦᠷᠦᠯ ᠤᠨ ᠬᠦᠳᠡᠯᠭᠡᠭᠡᠨ ᠢ ᠳᠦᠷᠦᠭᠦᠨ ᠰᠤᠩᠭᠤᠯᠳᠠ ᠪᠤᠯᠭᠠᠵᠤ ᠪᠤᠯᠤᠨ᠎ᠠ᠃       ᠡᠯᠢᠭᠡᠳᠡᠭᠡᠳ ᠳᠤᠯᠵᠤ ᠦᠨᠳᠡᠶᠢᠬᠦ᠂ ᠤᠷᠤᠨ ᠳᠠᠭᠠᠨ ᠦᠰᠦᠷᠬᠦ᠂ ᠳᠠᠩᠭᠠᠢᠢᠬᠰᠠᠨ ᠢᠶᠠᠨ ᠦᠨᠳᠡᠶᠢᠵᠦ ᠰᠠᠭᠤᠬᠤ ᠵᠡᠷᠭᠡ ᠴᠢᠳᠠᠯ ᠬᠦᠴᠦᠨ ᠤ ᠪᠤᠯᠪᠠᠰᠤᠷᠠᠯ ᠨᠢ ᠬᠢᠬᠦ ᠳᠤ ᠳᠦᠭᠦᠮ ᠪᠠᠶᠢᠵᠤ᠂ ᠪᠤᠯᠴᠢᠩ ᠤᠨ ᠴᠢᠳᠠᠯ ᠢ ᠰᠠᠶᠢᠵᠢᠷᠠᠭᠤᠯᠬᠤ᠂ ᠪᠤᠯᠴᠢᠩ ᠢ ᠳᠤᠮᠤᠷᠠᠭᠤᠯᠵᠤ ᠳᠠᠭᠠᠭᠠᠮᠠᠭᠠᠢ ᠴᠢᠨᠠᠷ ᠢ ᠨᠢ ᠨᠡᠮᠡᠭᠳᠡᠭᠦᠯᠵᠦ᠂ ᠠᠷᠠᠭ ᠶᠠᠰᠤᠨ ᠤ ᠪᠤᠶᠢᠵᠢᠯᠳᠠ ᠪᠠ ᠡᠷᠡᠭᠦᠯ ᠮᠡᠨᠳᠦ ᠶᠢ ᠠᠬᠢᠭᠤᠯᠳᠠᠭ᠃ ᠵᠠᠯᠠᠭᠤ ᠪᠠᠭᠠᠴᠤᠳ ᠲᠤ ᠠᠪᠴᠤ ᠬᠡᠯᠡᠪᠡᠯ᠂ ᠳᠠᠮᠢᠷ ᠳᠡᠩᠬᠡᠬᠡ ᠶᠢ ᠰᠠᠶᠢᠵᠢᠷᠠᠭᠤᠯᠬᠤ ᠢᠯᠡᠷᠭᠡᠢ ᠦᠢᠯᠡᠳᠦᠯ ᠲᠠᠢ︔ ᠨᠠᠰᠤᠨ ᠳᠤ ᠬᠦᠷᠦᠭᠰᠡᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠢ ᠠᠩᠬᠠᠷᠬᠤ ᠨᠢ ᠨᠠᠰᠤᠨ ᠤ ᠨᠡᠮᠡᠭᠳᠡᠯ ᠢ ᠳᠠᠭᠠᠯᠳᠤᠨ ᠪᠤᠯᠴᠢᠩ ᠰᠤᠯᠳᠠᠶᠢᠬᠤ ᠶᠢ ᠰᠡᠷᠭᠡᠶᠢᠯᠡᠬᠦ ᠦᠢᠯᠡᠳᠦᠯ ᠲᠠᠢ︔ ᠨᠠᠰᠤᠳᠠᠶᠢᠴᠤᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠨᠢ ᠶᠠᠰᠤ ᠬᠡᠪᠡᠷᠡᠭᠵᠢᠬᠦ ᠶᠢ ᠰᠡᠷᠭᠡᠶᠢᠯᠡᠵᠦ᠂ ᠪᠡᠶ᠎ᠡ ᠶᠢᠨ ᠳᠡᠩᠴᠡᠭᠦᠷᠢᠰᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠨᠠᠵᠤ ᠳᠤᠰᠬᠤ ᠶᠠᠰᠤ ᠪᠡᠷᠳᠡᠬᠦ ᠶᠢ ᠰᠡᠷᠭᠡᠶᠢᠯᠡᠬᠦ ᠴᠢᠬᠤᠯᠠ ᠦᠢᠯᠡᠳᠦᠯ ᠲᠠᠢ᠃       ᠪᠦᠮᠪᠦᠭᠡ ᠭᠡᠪᠡᠯ ᠤᠯᠠᠨ ᠵᠦᠢᠯ ᠤᠨ ᠪᠦᠮᠪᠦᠭᠡ ᠪᠠᠶᠢᠨ᠎ᠠ ᠯᠡ ᠳ᠋ᠠ᠂ ᠰᠠᠬᠰᠤᠨ ᠪᠦᠮᠪᠦᠭᠡ᠂ ᠬᠦᠯ ᠪᠦᠮᠪᠦᠭᠡ ᠮᠡᠳᠦ ᠶᠢᠨ ᠪᠡᠶ᠎ᠡ ᠪᠠᠷ ᠢᠶᠠᠨ ᠳᠤᠯᠵᠤ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠂ ᠠᠯᠠᠭᠠᠳᠠᠬᠤ ᠪᠦᠮᠪᠦᠭᠡ᠂ ᠫᠢᠩᠫᠤᠩ ᠪᠦᠮᠪᠦᠭᠡ᠂ ᠦᠳᠦᠨ ᠪᠦᠮᠪᠦᠭᠡ ᠮᠡᠳᠦ ᠶᠢᠨ ᠳᠤᠤᠷ ᠠᠯᠤᠰᠯᠠᠨ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠃ ᠪᠦᠮᠪᠦᠭᠡᠨ ᠤ ᠲᠦᠷᠦᠯ ᠤᠨ ᠬᠦᠳᠡᠯᠭᠡᠭᠡᠨ ᠨᠢ ᠰᠠᠶᠢᠨ ᠰᠠᠶᠢᠬᠠᠨ ᠪᠡᠶ᠎ᠡ ᠮᠠᠬᠠᠪᠤᠳ ᠤᠨ ᠬᠡᠪ ᠴᠢᠨᠠᠷ ᠲᠠᠢ ᠪᠠᠶᠢᠬᠤ ᠪᠠᠷ ᠰᠠᠭᠤᠷᠢ ᠪᠤᠯᠭᠠᠳᠠᠭ᠂ ᠦᠷᠭᠦᠯᠵᠢ ᠪᠦᠮᠪᠦᠭᠡᠨ ᠤ ᠲᠦᠷᠦᠯ ᠤᠨ ᠬᠦᠳᠡᠯᠭᠡᠭᠡᠨ ᠳᠤ ᠤᠷᠤᠯᠴᠠᠬᠤ ᠨᠢ ᠠᠭᠤᠰᠬᠢ ᠵᠢᠷᠦᠭᠡᠨ ᠤ ᠴᠢᠳᠠᠪᠬᠢ᠂ ᠪᠤᠯᠴᠢᠩ ᠤᠨ ᠴᠢᠳᠠᠯ ᠢ ᠰᠠᠶᠢᠵᠢᠷᠠᠭᠤᠯᠵᠤ᠂ ᠬᠦᠩᠭᠡᠨ ᠱᠠᠯᠮᠠᠭ ᠪᠤᠯᠭᠠᠳᠠᠭ᠂ ᠵᠠᠯᠠᠭᠤᠴᠤᠳ ᠪᠠᠭᠠᠴᠤᠳ ᠤᠨ ᠳᠦᠷᠦᠭᠦᠨ ᠳᠤ ᠰᠤᠩᠭᠤᠬᠤ ᠶᠤᠰᠤᠳᠠᠢ ᠳᠠᠮᠢᠷ ᠤᠨ ᠬᠦᠳᠡᠯᠭᠡᠭᠡᠨ ᠪᠤᠯᠤᠨ᠎ᠠ᠃       ᠦᠱᠦ᠂ ᠠᠮᠢᠰᠬᠤᠯ ᠤᠨ ᠳᠠᠮᠢᠷ ᠵᠡᠷᠭᠡ ᠳᠤᠮᠳᠠᠳᠤ ᠤᠯᠤᠰ ᠤᠨ ᠤᠯᠠᠮᠵᠢᠯᠠᠯᠳᠤ ᠳᠠᠮᠢᠷ ᠤᠨ ᠬᠦᠳᠡᠯᠭᠡᠭᠡᠨ ᠤ ᠬᠦᠳᠡᠯᠭᠡᠭᠡᠨ ᠨᠢ ᠳᠠᠶᠢᠪᠤᠩ᠂ ᠤᠶᠠᠨ ᠤ ᠳᠤᠮᠳᠠ ᠬᠠᠳᠠᠨ ᠢ ᠠᠭᠤᠯᠤᠭᠰᠠ᠂ ᠪᠢᠰᠢᠯᠭᠠᠯ ᠪᠤᠯᠤᠨ ᠬᠦᠳᠡᠯᠤᠯ ᠪᠠᠷᠢᠯ ᠢ ᠤᠶᠠᠯᠳᠤᠭᠤᠯᠵᠤ᠂ ᠤᠨᠴᠠᠭᠠᠢ ᠡᠷᠡᠭᠦᠯᠵᠢᠯ ᠤᠨ ᠦᠢᠯᠡᠳᠦᠯ ᠲᠠᠢ ᠪᠠᠶᠢᠵᠤ᠂ ᠨᠠᠰᠤᠳᠠᠶᠢᠴᠤᠳ ᠢᠳᠡᠷᠴᠤᠳ ᠲᠤ ᠳᠤᠩ ᠳᠤᠬᠢᠷᠠᠮᠵᠢᠳᠠᠢ ᠪᠠᠶᠢᠳᠠᠭ᠃ ᠡᠳᠡᠭᠡᠷ ᠬᠦᠳᠡᠯᠭᠡᠭᠡᠨ ᠨᠢ ᠠᠭᠤᠰᠭᠢ ᠵᠢᠷᠦᠭᠡᠨ ᠤ ᠴᠢᠳᠠᠪᠬᠢ᠂ ᠳᠡᠩᠴᠡᠭᠦᠷᠢᠰᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠷᠡᠯ ᠤᠨ ᠰᠢᠰᠲ᠋ᠧᠮ ᠤᠨ ᠴᠢᠳᠠᠪᠬᠢ ᠶᠢ ᠰᠠᠶᠢᠵᠢᠷᠠᠭᠤᠯᠬᠤ᠂ ᠰᠡᠳᠭᠢᠴᠡ ᠶᠢᠨ ᠪᠠᠶᠢᠳᠠᠯ ᠢ ᠵᠤᠬᠢᠴᠠᠭᠤᠯᠬᠤ ᠦᠢᠯᠡᠳᠦᠯ ᠲᠠᠢ ᠪᠦᠭᠡᠳ ᠠᠮᠤᠷ ᠳᠦᠪᠰᠢᠨ ᠢ ᠪᠠᠳᠤᠯᠠᠬᠤ ᠴᠢᠨᠠᠷ ᠢᠶᠠᠷ ᠰᠠᠶᠢᠨ ᠪᠠᠶᠢᠳᠠᠭ᠃       ᠳᠠᠳᠠᠵᠤ ᠰᠤᠩᠭᠠᠬᠤ ᠪᠤᠯᠪᠠᠰᠤᠷᠠᠯ ᠨᠢ ᠦᠶ᠎ᠡ ᠬᠡᠰᠢᠭᠦᠦ ᠶᠢᠨ ᠬᠦᠳᠡᠯᠭᠡᠭᠡᠨ ᠢ ᠰᠠᠶᠢᠵᠢᠷᠠᠭᠤᠯᠵᠤ᠂ ᠳᠠᠮᠢᠷ ᠤᠨ ᠬᠦᠳᠡᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠡᠮᠳᠦᠯ ᠰᠢᠷᠬᠠᠳᠤᠯ ᠢ ᠪᠠᠭᠠᠰᠬᠠᠳᠠᠭ᠃ ᠡᠬᠢᠯᠡᠵᠦ ᠳᠠᠮᠢᠷ ᠤᠨ ᠬᠦᠳᠡᠯᠭᠡᠭᠡᠨ ᠳᠤ ᠤᠷᠤᠯᠴᠠᠵᠤ ᠪᠠᠶᠢᠭ᠎ᠠ ᠬᠦᠮᠦᠨ ᠬᠦᠯ ᠳᠠᠷᠤᠬᠤ ᠮᠡᠳᠦ ᠶᠢᠨ ᠳᠤᠭᠳᠠᠭᠰᠠᠨ ᠤᠷᠤᠨ ᠠᠴᠠ ᠪᠠᠨ ᠰᠢᠯᠵᠢᠳᠡᠭ ᠦᠭᠡᠢ ᠳᠠᠳᠠᠵᠤ ᠰᠤᠩᠭᠠᠬᠤ ᠪᠤᠯᠪᠠᠰᠤᠷᠠᠯ ᠬᠢᠵᠦ᠂ ᠬᠦᠳᠡᠯᠭᠡᠭᠡᠨ ᠤ ᠡᠷᠴᠢᠮ ᠤᠨ ᠴᠢᠩᠭᠠᠷᠬᠤ ᠶᠢ ᠳᠠᠭᠠᠯᠳᠤᠭᠤᠯᠤᠨ ᠦᠨᠳᠦᠷ ᠢᠰᠭᠦᠯᠬᠦ ᠮᠡᠳᠦ ᠶᠢᠨ ᠬᠦᠳᠡᠯᠭᠡᠨᠳᠦ ᠳᠠᠳᠠᠬᠤ ᠰᠤᠩᠭᠠᠬᠤ ᠪᠤᠯᠪᠠᠰᠤᠷᠠᠯ ᠬᠢᠬᠦ ᠶᠢ ᠠᠩᠬᠠᠷᠪᠠᠯ ᠵᠤᠬᠢᠨ᠎ᠠ᠃      ᠬᠠᠮᠤᠭ ᠤᠨ ᠰᠠᠶᠢᠨ ᠨᠢ 5 ᠲᠦᠷᠦᠯ ᠤᠨ ᠬᠦᠳᠡᠯᠭᠡᠭᠡᠨ ᠠᠴᠠ ᠬᠤᠶᠠᠷ ᠭᠤᠷᠪᠠᠨ ᠲᠦᠷᠦᠯ ᠢ ᠰᠤᠩᠭᠤᠵᠤ᠂ ᠤᠷᠳᠤ ᠬᠤᠭᠤᠴᠠᠭ᠎ᠠ ᠪᠠᠷ ᠪᠠᠷᠢᠮᠳᠠᠯᠠᠨ᠎ᠠ᠂ ᠵᠢᠱᠢᠶᠡᠯᠡᠪᠡᠯ ᠭᠦᠶᠦᠬᠦ ᠪᠤᠯᠤᠨ ᠳᠤᠤᠷ ᠪᠦᠮᠪᠦᠭᠡ ᠶᠢ ᠤᠶᠠᠯᠳᠤᠭᠤᠯᠪᠠᠯ᠂ ᠳᠠᠮᠢᠷ ᠤᠨ ᠬᠦᠳᠡᠯᠭᠡᠭᠡᠨ ᠤ ᠤᠷᠮ᠎ᠠ ᠵᠤᠷᠢᠬ ᠢ ᠬᠦᠭᠵᠢᠭᠡᠵᠦ ᠪᠡᠶ᠎ᠡ ᠶᠢᠨ ᠳᠠᠮᠢᠷ ᠤᠨ ᠪᠤᠯᠪᠠᠰᠤᠷᠠᠯ ᠤᠨ ᠳᠠᠳᠬᠠᠯ ᠢ ᠪᠤᠢ ᠪᠤᠯᠭᠠᠬᠤ ᠳᠤ ᠳᠤᠰᠠᠳᠠᠢ ᠪᠠᠶᠢᠳᠠᠭ᠃ ᠨᠢᠭᠡ ᠤᠳᠠᠭᠠᠨ ᠤ ᠪᠦᠷᠢᠨ ᠪᠦᠲᠦᠨ ᠪᠤᠯᠪᠠᠰᠤᠷᠠᠯ ᠤᠨ ᠶᠠᠪᠤᠴᠠ ᠨᠢ ᠪᠡᠯᠡᠳᠭᠡᠯ ᠬᠦᠳᠡᠯᠭᠡᠭᠡᠨ᠂ ᠦᠨᠳᠦᠰᠦᠨ ᠪᠤᠯᠪᠠᠰᠤᠷᠠᠯ ᠪᠠ ᠳᠠᠶᠢᠪᠤᠰᠢᠷᠠᠭᠤᠯᠬᠤ ᠬᠦᠳᠡᠯᠭᠡᠭᠡᠨ ᠭᠡᠵᠦ ᠭᠤᠷᠪᠠᠨ ᠠᠯᠬᠤᠮ ᠢᠶᠠᠷ ᠶᠠᠪᠤᠭᠳᠠᠬᠤ ᠶᠤᠰᠤᠳᠠᠢ᠂ ᠡᠭᠦᠨ ᠳᠡᠭᠡᠨ ᠭᠤᠷᠪᠠᠨ ᠵᠦᠢᠯ ᠤᠨ ᠠᠳᠠᠯᠢ ᠪᠤᠰᠤ ᠬᠦᠳᠡᠯᠭᠡᠭᠡᠨ ᠬᠢᠪᠡᠯ ᠵᠤᠬᠢᠨ᠎ᠠ᠃       ᠪᠡᠯᠡᠳᠭᠡᠯ ᠬᠦᠳᠡᠯᠭᠡᠭᠡᠨ᠃ ᠡᠩ ᠤᠨ ᠪᠠᠶᠢᠳᠠᠯ ᠳᠤ 5~10 ᠮᠢᠨᠦ᠋ᠲ ᠭᠡᠷᠡᠭᠰᠡᠵᠦ᠂ ᠭᠤᠤᠯᠳᠠᠭᠤ ᠬᠤᠶᠠᠷ ᠳᠠᠯ᠎ᠠ ᠶᠢᠨ ᠠᠭᠤᠯᠭ᠎ᠠ ᠶᠢ ᠪᠠᠭᠳᠠᠭᠠᠨ᠎ᠠ᠄ ᠨᠢᠭᠡ ᠨᠢ ᠬᠦᠴᠢᠯᠳᠦ᠋ᠷᠦᠭᠴᠢᠳᠤ ᠬᠦᠳᠡᠯᠭᠡᠭᠡᠨ᠂ ᠵᠢᠱᠢᠶᠡᠯᠡᠪᠡᠯ ᠬᠤᠷᠳᠤᠨ ᠠᠯᠬᠤᠬᠤ᠂ ᠬᠦᠶᠦᠬᠦ ᠮᠡᠳᠦ ᠶᠢᠨ ᠬᠦᠳᠡᠯᠭᠡᠭᠡᠨ ᠬᠢᠵᠦ ᠡᠯ᠎ᠠ ᠡᠷᠭᠡᠳᠡᠨ ᠢᠶᠠᠨ ᠰᠢᠷᠦᠭᠦᠨ ᠬᠦᠳᠡᠯᠭᠡᠭᠡᠨ ᠬᠢᠬᠦ ᠳᠤ ᠪᠡᠯᠡᠳᠭᠡᠭᠰᠡᠨ ᠪᠠᠶᠢᠳᠠᠯ ᠳᠤ ᠤᠷᠤᠭᠤᠯᠤᠨ᠎ᠠ︔ ᠬᠤᠶᠠᠷ ᠨᠢ ᠰᠤᠩᠭᠠᠬᠤ ᠳᠠᠳᠠᠬᠤ ᠬᠦᠳᠡᠯᠭᠡᠭᠡᠨ ᠬᠢᠵᠦ ᠪᠤᠯᠴᠢᠩ ᠰᠢᠷᠪᠦᠰᠦ ᠪᠠᠨ ᠰᠤᠩᠭᠠᠵᠤ ᠤᠶᠠᠨ ᠬᠠᠳᠠᠨ ᠴᠢᠨᠠᠷ ᠢ ᠨᠢ ᠰᠡᠷᠭᠦᠭᠡᠵᠦ ᠭᠡᠮᠳᠦᠯ ᠰᠢᠷᠬᠠᠳᠤᠯ ᠠᠴᠠ ᠰᠡᠷᠭᠡᠶᠢᠯᠡᠨ᠎ᠠ᠃      ᠦᠨᠳᠦᠰᠦᠨ ᠪᠤᠯᠪᠠᠰᠤᠷᠠᠯ᠃ ᠬᠦᠴᠢᠯᠳᠦ᠋ᠷᠦᠭᠴᠢᠳᠤ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠳᠦᠷᠦᠯ ᠤᠨ ᠬᠦᠳᠡᠯᠭᠡᠭᠡᠨ᠂ ᠳᠤᠮᠳᠠᠳᠤ ᠤᠯᠤᠰ ᠤᠨ ᠤᠯᠠᠮᠵᠢᠯᠠᠯᠳᠤ ᠳᠠᠮᠢᠷ ᠵᠡᠷᠭᠡ ᠶᠢ ᠪᠠᠭᠳᠠᠭᠠᠨ᠎ᠠ᠂ ᠡᠩ ᠤᠨ ᠪᠠᠶᠢᠳᠠᠯ ᠳᠤ 30~60 ᠮᠢᠨᠦ᠋ᠲ ᠤᠨ ᠬᠦᠳᠡᠯᠭᠡᠭᠡᠨ ᠬᠢᠪᠡᠯ ᠳᠤᠬᠢᠷᠠᠮᠵᠢᠳᠠᠢ ᠪᠠᠶᠢᠳᠠᠭ᠃      ᠳᠠᠶᠢᠪᠤᠰᠢᠷᠠᠭᠤᠯᠬᠤ ᠬᠦᠳᠡᠯᠭᠡᠭᠡᠨ᠃ ᠡᠨᠡ ᠨᠢ ᠰᠢᠷᠦᠭᠦᠨ ᠬᠦᠳᠡᠯᠭᠡᠭᠡᠨ ᠬᠢᠭᠰᠡᠨ ᠤ ᠪᠠᠨ ᠳᠠᠷᠠᠭ᠎ᠠ ᠰᠢᠭᠤᠳ ᠵᠤᠬᠰᠤᠬᠤ ᠪᠢᠰᠢ ᠬᠠᠷᠢᠨ ᠵᠦᠭᠡᠯᠡᠨ ᠬᠦᠳᠡᠯᠭᠡᠭᠡᠨ ᠬᠢᠵᠦ ᠪᠡᠶ᠎ᠡ ᠡᠷᠭᠡᠳᠡᠨ ᠢ ᠠᠭᠠᠵᠢᠮ ᠢᠶᠠᠷ ᠬᠡᠪ ᠤᠨ ᠪᠠᠶᠢᠳᠠᠯ ᠳᠤᠨᠢ ᠤᠷᠤᠭᠤᠯᠬᠤ ᠶᠠᠪᠤᠴᠠ ᠶᠢ ᠵᠢᠭᠠᠳᠠᠭ᠂ ᠡᠭᠦᠨ ᠳᠤ ᠳᠠᠶᠢᠪᠤᠩ ᠠᠯᠬᠤᠬᠤ᠂ ᠳᠠᠶᠢᠪᠤᠩ ᠬᠦᠶᠦᠬᠦ᠂ ᠳᠠᠳᠠᠵᠤ ᠰᠤᠩᠭᠠᠬᠤ ᠵᠡᠷᠭᠡ ᠬᠦᠳᠡᠯᠭᠡᠭᠡᠨ ᠪᠠᠭᠳᠠᠳᠠᠭ᠃ ᠶᠠᠷᠢᠶᠠᠨ ᠦᠭᠡᠢ ᠬᠡᠳᠦ ᠰᠢᠷᠦᠭᠦᠨ ᠬᠦᠳᠡᠯᠭᠡᠭᠡᠨ ᠬᠢᠭᠰᠡᠨ ᠤ ᠳᠠᠷᠠᠭ᠎ᠠ ᠪᠤᠯᠴᠢᠩ ᠰᠢᠷᠪᠦᠰᠦ ᠪᠠᠨ ᠨᠤᠬᠤᠯᠠᠬᠤ ᠵᠡᠷᠭᠡ ᠶᠢᠨ ᠠᠷᠭ᠎ᠠ ᠭᠡᠮᠵᠢᠶ᠎ᠠ ᠴᠤ ᠠᠪᠳᠠᠭ᠃ ᠳᠠᠶᠢᠪᠤᠰᠢᠷᠠᠭᠤᠯᠬᠤ ᠬᠦᠳᠡᠯᠭᠡᠭᠡᠨ ᠨᠢ ᠶᠠᠳᠠᠷᠠᠭ᠎ᠠ ᠳᠠᠶᠢᠯᠬᠤ᠂ ᠪᠡᠶ᠎ᠡ ᠳᠤ ᠬᠡᠪ ᠤᠨ ᠪᠤᠰᠤ ᠪᠠᠶᠢᠳᠠᠯ ᠢᠯᠡᠷᠡᠬᠦ ᠠᠴᠠ ᠵᠠᠶᠢᠯᠠᠰᠬᠢᠬᠦ ᠳᠤ ᠳᠤᠰᠠᠳᠠᠢ ᠪᠠᠶᠢᠳᠠᠭ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号