︽ᠪᠦᠬᠦ ᠠᠷᠠᠳ ᠤᠨ ᠪᠡᠶ᠎ᠡ ᠪᠠᠨ ᠴᠢᠬᠢᠷᠠᠭᠵᠢᠭᠤᠯᠬᠤ ᠵᠦᠭᠯᠡᠭᠦᠷ︾ ᠲᠤ᠂ ᠡᠯ᠎ᠠ ᠵᠦᠢᠯ ᠤᠨ ᠳᠠᠮᠢᠷ ᠤᠨ | ᠬᠦᠳᠡᠯᠭᠡᠭᠡᠨ ᠤ ᠤᠨᠴᠠᠯᠢᠬ ᠢ ᠦᠨᠳᠦᠰᠦᠯᠡᠨ᠂ ᠳᠠᠮᠢᠷ ᠤᠨ ᠬᠦᠳᠡᠯᠭᠡᠭᠡᠨ ᠤ ᠳᠦᠷᠦᠯ ᠵᠦᠢᠯ ᠢ ᠬᠦᠴᠢᠯᠳᠦ᠋ᠷᠦᠭᠴᠢᠳᠤ | ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ ᠪᠦᠮᠪᠦᠭᠡᠨ ᠤ ᠳᠦᠷᠦᠯ᠂ ᠳᠤᠮᠳᠠᠳᠤ ᠤᠯᠤᠰ ᠤᠨ ᠤᠯᠠᠮᠵᠢᠯᠠᠯᠳᠤ | ᠳᠠᠮᠢᠷ᠂ ᠳᠠᠳᠠᠵᠤ ᠰᠤᠩᠭᠠᠬᠤ ᠪᠤᠯᠪᠠᠰᠤᠷᠠᠯ ᠭᠡᠵᠦ ᠬᠤᠪᠢᠶᠠᠵᠠᠢ᠃ | ᠬᠦᠴᠢᠯᠳᠦ᠋ᠷᠦᠭᠴᠢᠳᠤ ᠬᠦᠳᠡᠯᠭᠡᠭᠡᠨ ᠪᠤᠯ ᠬᠦᠮᠦᠰ ᠲᠤ ᠬᠠᠮᠤᠭ ᠤᠨ ᠢᠯᠡᠭᠦᠦ ᠳᠠᠭᠠᠯᠠᠭᠳᠠᠳᠠᠭ ᠬᠦᠳᠡᠯᠭᠡᠭᠡᠨ ᠤ | ᠬᠡᠯᠪᠡᠷᠢ ᠪᠤᠯᠤᠨ᠎ᠠ᠂ ᠮᠦᠨ ᠴᠤ ᠬᠠᠮᠤᠭ ᠤᠨ ᠴᠢᠬᠤᠯᠠ ᠪᠡᠶ᠎ᠡ ᠶᠢᠨ ᠪᠤᠯᠪᠠᠰᠤᠷᠠᠯ ᠤᠨ ᠳᠠᠮᠢᠷ ᠤᠨ ᠬᠦᠳᠡᠯᠭᠡᠭᠡᠨ | ᠪᠤᠯᠤᠨ᠎ᠠ᠃ ᠵᠢᠱᠢᠶᠡᠯᠡᠪᠡᠯ ᠢᠳᠡᠷᠭᠡᠭ ᠠᠯᠬᠤᠯᠳᠠ᠂ ᠬᠦᠶᠦᠬᠦ᠂ ᠠᠭᠤᠯᠠ ᠠᠪᠠᠷᠢᠬᠤ᠂ ᠤᠰᠤ ᠤᠮᠪᠠᠭ᠋ᠤ ᠭᠡᠬᠦ ᠮᠡᠳᠦ᠃ | ᠬᠦᠴᠢᠯᠳᠦ᠋ᠷᠦᠭᠴᠢᠳᠦ ᠬᠦᠳᠡᠯᠭᠡᠭᠡᠨ ᠤ ᠠᠶᠢᠵᠠᠮ ᠨᠢ ᠳᠤᠭᠳᠠᠭᠤᠨ᠂ ᠪᠡᠶ᠎ᠡ ᠶᠢᠨ ᠱᠠᠭᠠᠷᠳᠠᠯᠭ᠎ᠠ ᠪᠠᠨ ᠦᠨᠳᠦᠰᠦᠯᠡᠨ | ᠬᠦᠳᠡᠯᠭᠡᠭᠡᠨ ᠤ ᠡᠷᠴᠢᠮ ᠢᠶᠠᠨ ᠵᠤᠬᠢᠴᠠᠭᠤᠯᠵᠤ ᠪᠤᠯᠳᠠᠭ ᠵᠡᠷᠭᠡ ᠤᠨᠴᠠᠯᠢᠬ ᠠᠴᠠ ᠪᠠᠨ ᠪᠤᠯᠤᠭᠠᠳ ᠡᠯ᠎ᠠ ᠨᠠᠰᠤᠨ ᠤ | ᠬᠦᠮᠦᠰ ᠲᠤ ᠪᠦᠷ ᠵᠤᠬᠢᠷᠠᠳᠠᠭ᠃ ᠠᠭᠤᠰᠬᠢ ᠵᠢᠷᠦᠭᠡᠨ ᠤ ᠴᠢᠳᠠᠪᠬᠢ ᠶᠢ ᠰᠠᠶᠢᠵᠢᠷᠠᠭᠤᠯᠬᠤ᠂ ᠪᠡᠶ᠎ᠡ ᠶᠢᠨ ᠬᠦᠨᠳᠦ ᠶᠢ | ᠪᠠᠭᠤᠷᠠᠭᠤᠯᠬᠤ᠂ ᠴᠢᠰᠤᠨ ᠳᠠᠷᠤᠯᠳᠠ ᠶᠢ ᠳᠤᠭᠳᠠᠪᠤᠷᠢᠵᠢᠭᠤᠯᠬᠤ᠂ ᠴᠢᠰᠦ ᠦᠭᠡᠬᠦᠯᠡᠭᠰᠡᠨ ᠪᠠᠶᠢᠳᠠᠯ ᠢᠶᠠᠨ | ᠰᠠᠶᠢᠵᠢᠷᠠᠭᠤᠯᠬᠤ ᠶᠢ ᠵᠤᠷᠢᠵᠤ ᠪᠠᠶᠢᠭ᠎ᠠ ᠬᠦᠮᠦᠰ ᠡᠨᠡ ᠲᠦᠷᠦᠯ ᠤᠨ ᠬᠦᠳᠡᠯᠭᠡᠭᠡᠨ ᠢ ᠳᠦᠷᠦᠭᠦᠨ ᠰᠤᠩᠭᠤᠯᠳᠠ | ᠪᠤᠯᠭᠠᠵᠤ ᠪᠤᠯᠤᠨ᠎ᠠ᠃ | ᠡᠯᠢᠭᠡᠳᠡᠭᠡᠳ ᠳᠤᠯᠵᠤ ᠦᠨᠳᠡᠶᠢᠬᠦ᠂ ᠤᠷᠤᠨ ᠳᠠᠭᠠᠨ ᠦᠰᠦᠷᠬᠦ᠂ ᠳᠠᠩᠭᠠᠢᠢᠬᠰᠠᠨ ᠢᠶᠠᠨ ᠦᠨᠳᠡᠶᠢᠵᠦ | ᠰᠠᠭᠤᠬᠤ ᠵᠡᠷᠭᠡ ᠴᠢᠳᠠᠯ ᠬᠦᠴᠦᠨ ᠤ ᠪᠤᠯᠪᠠᠰᠤᠷᠠᠯ ᠨᠢ ᠬᠢᠬᠦ ᠳᠤ ᠳᠦᠭᠦᠮ ᠪᠠᠶᠢᠵᠤ᠂ ᠪᠤᠯᠴᠢᠩ ᠤᠨ ᠴᠢᠳᠠᠯ ᠢ | ᠰᠠᠶᠢᠵᠢᠷᠠᠭᠤᠯᠬᠤ᠂ ᠪᠤᠯᠴᠢᠩ ᠢ ᠳᠤᠮᠤᠷᠠᠭᠤᠯᠵᠤ ᠳᠠᠭᠠᠭᠠᠮᠠᠭᠠᠢ ᠴᠢᠨᠠᠷ ᠢ ᠨᠢ ᠨᠡᠮᠡᠭᠳᠡᠭᠦᠯᠵᠦ᠂ ᠠᠷᠠᠭ ᠶᠠᠰᠤᠨ ᠤ | ᠪᠤᠶᠢᠵᠢᠯᠳᠠ ᠪᠠ ᠡᠷᠡᠭᠦᠯ ᠮᠡᠨᠳᠦ ᠶᠢ ᠠᠬᠢᠭᠤᠯᠳᠠᠭ᠃ ᠵᠠᠯᠠᠭᠤ ᠪᠠᠭᠠᠴᠤᠳ ᠲᠤ ᠠᠪᠴᠤ ᠬᠡᠯᠡᠪᠡᠯ᠂ ᠳᠠᠮᠢᠷ | ᠳᠡᠩᠬᠡᠬᠡ ᠶᠢ ᠰᠠᠶᠢᠵᠢᠷᠠᠭᠤᠯᠬᠤ ᠢᠯᠡᠷᠭᠡᠢ ᠦᠢᠯᠡᠳᠦᠯ ᠲᠠᠢ︔ ᠨᠠᠰᠤᠨ ᠳᠤ ᠬᠦᠷᠦᠭᠰᠡᠳ ᠲᠤ ᠠᠪᠴᠤ ᠬᠡᠯᠡᠪᠡᠯ᠂ | ᠴᠢᠳᠠᠯ ᠬᠦᠴᠦᠨ ᠤ ᠪᠤᠯᠪᠠᠰᠤᠷᠠᠯ ᠢ ᠠᠩᠬᠠᠷᠬᠤ ᠨᠢ ᠨᠠᠰᠤᠨ ᠤ ᠨᠡᠮᠡᠭᠳᠡᠯ ᠢ ᠳᠠᠭᠠᠯᠳᠤᠨ ᠪᠤᠯᠴᠢᠩ ᠰᠤᠯᠳᠠᠶᠢᠬᠤ ᠶᠢ | ᠰᠡᠷᠭᠡᠶᠢᠯᠡᠬᠦ ᠦᠢᠯᠡᠳᠦᠯ ᠲᠠᠢ︔ ᠨᠠᠰᠤᠳᠠᠶᠢᠴᠤᠳ ᠲᠤ ᠠᠪᠴᠤ ᠬᠡᠯᠡᠪᠡᠯ᠂ ᠴᠢᠳᠠᠯ ᠬᠦᠴᠦᠨ ᠤ ᠪᠤᠯᠪᠠᠰᠤᠷᠠᠯ ᠨᠢ | ᠶᠠᠰᠤ ᠬᠡᠪᠡᠷᠡᠭᠵᠢᠬᠦ ᠶᠢ ᠰᠡᠷᠭᠡᠶᠢᠯᠡᠵᠦ᠂ ᠪᠡᠶ᠎ᠡ ᠶᠢᠨ ᠳᠡᠩᠴᠡᠭᠦᠷᠢᠰᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠨᠠᠵᠤ | ᠳᠤᠰᠬᠤ ᠶᠠᠰᠤ ᠪᠡᠷᠳᠡᠬᠦ ᠶᠢ ᠰᠡᠷᠭᠡᠶᠢᠯᠡᠬᠦ ᠴᠢᠬᠤᠯᠠ ᠦᠢᠯᠡᠳᠦᠯ ᠲᠠᠢ᠃ | ᠪᠦᠮᠪᠦᠭᠡ ᠭᠡᠪᠡᠯ ᠤᠯᠠᠨ ᠵᠦᠢᠯ ᠤᠨ ᠪᠦᠮᠪᠦᠭᠡ ᠪᠠᠶᠢᠨ᠎ᠠ ᠯᠡ ᠳ᠋ᠠ᠂ ᠰᠠᠬᠰᠤᠨ ᠪᠦᠮᠪᠦᠭᠡ᠂ ᠬᠦᠯ ᠪᠦᠮᠪᠦᠭᠡ | ᠮᠡᠳᠦ ᠶᠢᠨ ᠪᠡᠶ᠎ᠡ ᠪᠠᠷ ᠢᠶᠠᠨ ᠳᠤᠯᠵᠤ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠂ ᠠᠯᠠᠭᠠᠳᠠᠬᠤ ᠪᠦᠮᠪᠦᠭᠡ᠂ ᠫᠢᠩᠫᠤᠩ | ᠪᠦᠮᠪᠦᠭᠡ᠂ ᠦᠳᠦᠨ ᠪᠦᠮᠪᠦᠭᠡ ᠮᠡᠳᠦ ᠶᠢᠨ ᠳᠤᠤᠷ ᠠᠯᠤᠰᠯᠠᠨ ᠡᠰᠡᠷᠭᠦᠴᠡᠯᠳᠦᠬᠦ ᠬᠦᠳᠡᠯᠭᠡᠭᠡᠨ ᠪᠠᠶᠢᠨ᠎ᠠ᠃ | ᠪᠦᠮᠪᠦᠭᠡᠨ ᠤ ᠲᠦᠷᠦᠯ ᠤᠨ ᠬᠦᠳᠡᠯᠭᠡᠭᠡᠨ ᠨᠢ ᠰᠠᠶᠢᠨ ᠰᠠᠶᠢᠬᠠᠨ ᠪᠡᠶ᠎ᠡ ᠮᠠᠬᠠᠪᠤᠳ ᠤᠨ ᠬᠡᠪ ᠴᠢᠨᠠᠷ ᠲᠠᠢ ᠪᠠᠶᠢᠬᠤ ᠪᠠᠷ | ᠰᠠᠭᠤᠷᠢ ᠪᠤᠯᠭᠠᠳᠠᠭ᠂ ᠦᠷᠭᠦᠯᠵᠢ ᠪᠦᠮᠪᠦᠭᠡᠨ ᠤ ᠲᠦᠷᠦᠯ ᠤᠨ ᠬᠦᠳᠡᠯᠭᠡᠭᠡᠨ ᠳᠤ ᠤᠷᠤᠯᠴᠠᠬᠤ ᠨᠢ ᠠᠭᠤᠰᠬᠢ | ᠵᠢᠷᠦᠭᠡᠨ ᠤ ᠴᠢᠳᠠᠪᠬᠢ᠂ ᠪᠤᠯᠴᠢᠩ ᠤᠨ ᠴᠢᠳᠠᠯ ᠢ ᠰᠠᠶᠢᠵᠢᠷᠠᠭᠤᠯᠵᠤ᠂ ᠬᠦᠩᠭᠡᠨ ᠱᠠᠯᠮᠠᠭ ᠪᠤᠯᠭᠠᠳᠠᠭ᠂ ᠵᠠᠯᠠᠭᠤᠴᠤᠳ | ᠪᠠᠭᠠᠴᠤᠳ ᠤᠨ ᠳᠦᠷᠦᠭᠦᠨ ᠳᠤ ᠰᠤᠩᠭᠤᠬᠤ ᠶᠤᠰᠤᠳᠠᠢ ᠳᠠᠮᠢᠷ ᠤᠨ ᠬᠦᠳᠡᠯᠭᠡᠭᠡᠨ ᠪᠤᠯᠤᠨ᠎ᠠ᠃ | ᠦᠱᠦ᠂ ᠠᠮᠢᠰᠬᠤᠯ ᠤᠨ ᠳᠠᠮᠢᠷ ᠵᠡᠷᠭᠡ ᠳᠤᠮᠳᠠᠳᠤ ᠤᠯᠤᠰ ᠤᠨ ᠤᠯᠠᠮᠵᠢᠯᠠᠯᠳᠤ ᠳᠠᠮᠢᠷ ᠤᠨ ᠬᠦᠳᠡᠯᠭᠡᠭᠡᠨ ᠤ | ᠬᠦᠳᠡᠯᠭᠡᠭᠡᠨ ᠨᠢ ᠳᠠᠶᠢᠪᠤᠩ᠂ ᠤᠶᠠᠨ ᠤ ᠳᠤᠮᠳᠠ ᠬᠠᠳᠠᠨ ᠢ ᠠᠭᠤᠯᠤᠭᠰᠠ᠂ ᠪᠢᠰᠢᠯᠭᠠᠯ ᠪᠤᠯᠤᠨ ᠬᠦᠳᠡᠯᠤᠯ ᠪᠠᠷᠢᠯ ᠢ | ᠤᠶᠠᠯᠳᠤᠭᠤᠯᠵᠤ᠂ ᠤᠨᠴᠠᠭᠠᠢ ᠡᠷᠡᠭᠦᠯᠵᠢᠯ ᠤᠨ ᠦᠢᠯᠡᠳᠦᠯ ᠲᠠᠢ ᠪᠠᠶᠢᠵᠤ᠂ ᠨᠠᠰᠤᠳᠠᠶᠢᠴᠤᠳ ᠢᠳᠡᠷᠴᠤᠳ ᠲᠤ ᠳᠤᠩ | ᠳᠤᠬᠢᠷᠠᠮᠵᠢᠳᠠᠢ ᠪᠠᠶᠢᠳᠠᠭ᠃ ᠡᠳᠡᠭᠡᠷ ᠬᠦᠳᠡᠯᠭᠡᠭᠡᠨ ᠨᠢ ᠠᠭᠤᠰᠭᠢ ᠵᠢᠷᠦᠭᠡᠨ ᠤ ᠴᠢᠳᠠᠪᠬᠢ᠂ ᠳᠡᠩᠴᠡᠭᠦᠷᠢᠰᠢᠭᠦᠯᠬᠦ | ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠷᠡᠯ ᠤᠨ ᠰᠢᠰᠲ᠋ᠧᠮ ᠤᠨ ᠴᠢᠳᠠᠪᠬᠢ ᠶᠢ ᠰᠠᠶᠢᠵᠢᠷᠠᠭᠤᠯᠬᠤ᠂ ᠰᠡᠳᠭᠢᠴᠡ ᠶᠢᠨ | ᠪᠠᠶᠢᠳᠠᠯ ᠢ ᠵᠤᠬᠢᠴᠠᠭᠤᠯᠬᠤ ᠦᠢᠯᠡᠳᠦᠯ ᠲᠠᠢ ᠪᠦᠭᠡᠳ ᠠᠮᠤᠷ ᠳᠦᠪᠰᠢᠨ ᠢ ᠪᠠᠳᠤᠯᠠᠬᠤ ᠴᠢᠨᠠᠷ ᠢᠶᠠᠷ ᠰᠠᠶᠢᠨ ᠪᠠᠶᠢᠳᠠᠭ᠃ | | ᠳᠠᠳᠠᠵᠤ ᠰᠤᠩᠭᠠᠬᠤ ᠪᠤᠯᠪᠠᠰᠤᠷᠠᠯ ᠨᠢ ᠦᠶ᠎ᠡ ᠬᠡᠰᠢᠭᠦᠦ ᠶᠢᠨ ᠬᠦᠳᠡᠯᠭᠡᠭᠡᠨ ᠢ ᠰᠠᠶᠢᠵᠢᠷᠠᠭᠤᠯᠵᠤ᠂ ᠳᠠᠮᠢᠷ ᠤᠨ | ᠬᠦᠳᠡᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠡᠮᠳᠦᠯ ᠰᠢᠷᠬᠠᠳᠤᠯ ᠢ ᠪᠠᠭᠠᠰᠬᠠᠳᠠᠭ᠃ ᠡᠬᠢᠯᠡᠵᠦ ᠳᠠᠮᠢᠷ ᠤᠨ | ᠬᠦᠳᠡᠯᠭᠡᠭᠡᠨ ᠳᠤ ᠤᠷᠤᠯᠴᠠᠵᠤ ᠪᠠᠶᠢᠭ᠎ᠠ ᠬᠦᠮᠦᠨ ᠬᠦᠯ ᠳᠠᠷᠤᠬᠤ ᠮᠡᠳᠦ ᠶᠢᠨ ᠳᠤᠭᠳᠠᠭᠰᠠᠨ ᠤᠷᠤᠨ ᠠᠴᠠ ᠪᠠᠨ | ᠰᠢᠯᠵᠢᠳᠡᠭ ᠦᠭᠡᠢ ᠳᠠᠳᠠᠵᠤ ᠰᠤᠩᠭᠠᠬᠤ ᠪᠤᠯᠪᠠᠰᠤᠷᠠᠯ ᠬᠢᠵᠦ᠂ ᠬᠦᠳᠡᠯᠭᠡᠭᠡᠨ ᠤ ᠡᠷᠴᠢᠮ ᠤᠨ ᠴᠢᠩᠭᠠᠷᠬᠤ ᠶᠢ | ᠳᠠᠭᠠᠯᠳᠤᠭᠤᠯᠤᠨ ᠦᠨᠳᠦᠷ ᠢᠰᠭᠦᠯᠬᠦ ᠮᠡᠳᠦ ᠶᠢᠨ ᠬᠦᠳᠡᠯᠭᠡᠨᠳᠦ ᠳᠠᠳᠠᠬᠤ ᠰᠤᠩᠭᠠᠬᠤ ᠪᠤᠯᠪᠠᠰᠤᠷᠠᠯ ᠬᠢᠬᠦ ᠶᠢ | ᠠᠩᠬᠠᠷᠪᠠᠯ ᠵᠤᠬᠢᠨ᠎ᠠ᠃ | ᠬᠠᠮᠤᠭ ᠤᠨ ᠰᠠᠶᠢᠨ ᠨᠢ 5 ᠲᠦᠷᠦᠯ ᠤᠨ ᠬᠦᠳᠡᠯᠭᠡᠭᠡᠨ ᠠᠴᠠ ᠬᠤᠶᠠᠷ ᠭᠤᠷᠪᠠᠨ ᠲᠦᠷᠦᠯ ᠢ ᠰᠤᠩᠭᠤᠵᠤ᠂ | ᠤᠷᠳᠤ ᠬᠤᠭᠤᠴᠠᠭ᠎ᠠ ᠪᠠᠷ ᠪᠠᠷᠢᠮᠳᠠᠯᠠᠨ᠎ᠠ᠂ ᠵᠢᠱᠢᠶᠡᠯᠡᠪᠡᠯ ᠭᠦᠶᠦᠬᠦ ᠪᠤᠯᠤᠨ ᠳᠤᠤᠷ ᠪᠦᠮᠪᠦᠭᠡ ᠶᠢ ᠤᠶᠠᠯᠳᠤᠭᠤᠯᠪᠠᠯ᠂ | ᠳᠠᠮᠢᠷ ᠤᠨ ᠬᠦᠳᠡᠯᠭᠡᠭᠡᠨ ᠤ ᠤᠷᠮ᠎ᠠ ᠵᠤᠷᠢᠬ ᠢ ᠬᠦᠭᠵᠢᠭᠡᠵᠦ ᠪᠡᠶ᠎ᠡ ᠶᠢᠨ ᠳᠠᠮᠢᠷ ᠤᠨ ᠪᠤᠯᠪᠠᠰᠤᠷᠠᠯ ᠤᠨ ᠳᠠᠳᠬᠠᠯ ᠢ ᠪᠤᠢ | ᠪᠤᠯᠭᠠᠬᠤ ᠳᠤ ᠳᠤᠰᠠᠳᠠᠢ ᠪᠠᠶᠢᠳᠠᠭ᠃ ᠨᠢᠭᠡ ᠤᠳᠠᠭᠠᠨ ᠤ ᠪᠦᠷᠢᠨ ᠪᠦᠲᠦᠨ ᠪᠤᠯᠪᠠᠰᠤᠷᠠᠯ ᠤᠨ ᠶᠠᠪᠤᠴᠠ ᠨᠢ ᠪᠡᠯᠡᠳᠭᠡᠯ | ᠬᠦᠳᠡᠯᠭᠡᠭᠡᠨ᠂ ᠦᠨᠳᠦᠰᠦᠨ ᠪᠤᠯᠪᠠᠰᠤᠷᠠᠯ ᠪᠠ ᠳᠠᠶᠢᠪᠤᠰᠢᠷᠠᠭᠤᠯᠬᠤ ᠬᠦᠳᠡᠯᠭᠡᠭᠡᠨ ᠭᠡᠵᠦ ᠭᠤᠷᠪᠠᠨ ᠠᠯᠬᠤᠮ ᠢᠶᠠᠷ | ᠶᠠᠪᠤᠭᠳᠠᠬᠤ ᠶᠤᠰᠤᠳᠠᠢ᠂ ᠡᠭᠦᠨ ᠳᠡᠭᠡᠨ ᠭᠤᠷᠪᠠᠨ ᠵᠦᠢᠯ ᠤᠨ ᠠᠳᠠᠯᠢ ᠪᠤᠰᠤ ᠬᠦᠳᠡᠯᠭᠡᠭᠡᠨ ᠬᠢᠪᠡᠯ ᠵᠤᠬᠢᠨ᠎ᠠ᠃ | ᠪᠡᠯᠡᠳᠭᠡᠯ ᠬᠦᠳᠡᠯᠭᠡᠭᠡᠨ᠃ ᠡᠩ ᠤᠨ ᠪᠠᠶᠢᠳᠠᠯ ᠳᠤ 5~10 ᠮᠢᠨᠦ᠋ᠲ ᠭᠡᠷᠡᠭᠰᠡᠵᠦ᠂ ᠭᠤᠤᠯᠳᠠᠭᠤ ᠬᠤᠶᠠᠷ | ᠳᠠᠯ᠎ᠠ ᠶᠢᠨ ᠠᠭᠤᠯᠭ᠎ᠠ ᠶᠢ ᠪᠠᠭᠳᠠᠭᠠᠨ᠎ᠠ᠄ ᠨᠢᠭᠡ ᠨᠢ ᠬᠦᠴᠢᠯᠳᠦ᠋ᠷᠦᠭᠴᠢᠳᠤ ᠬᠦᠳᠡᠯᠭᠡᠭᠡᠨ᠂ ᠵᠢᠱᠢᠶᠡᠯᠡᠪᠡᠯ ᠬᠤᠷᠳᠤᠨ | ᠠᠯᠬᠤᠬᠤ᠂ ᠬᠦᠶᠦᠬᠦ ᠮᠡᠳᠦ ᠶᠢᠨ ᠬᠦᠳᠡᠯᠭᠡᠭᠡᠨ ᠬᠢᠵᠦ ᠡᠯ᠎ᠠ ᠡᠷᠭᠡᠳᠡᠨ ᠢᠶᠠᠨ ᠰᠢᠷᠦᠭᠦᠨ ᠬᠦᠳᠡᠯᠭᠡᠭᠡᠨ ᠬᠢᠬᠦ ᠳᠤ | ᠪᠡᠯᠡᠳᠭᠡᠭᠰᠡᠨ ᠪᠠᠶᠢᠳᠠᠯ ᠳᠤ ᠤᠷᠤᠭᠤᠯᠤᠨ᠎ᠠ︔ ᠬᠤᠶᠠᠷ ᠨᠢ ᠰᠤᠩᠭᠠᠬᠤ ᠳᠠᠳᠠᠬᠤ ᠬᠦᠳᠡᠯᠭᠡᠭᠡᠨ ᠬᠢᠵᠦ ᠪᠤᠯᠴᠢᠩ | ᠰᠢᠷᠪᠦᠰᠦ ᠪᠠᠨ ᠰᠤᠩᠭᠠᠵᠤ ᠤᠶᠠᠨ ᠬᠠᠳᠠᠨ ᠴᠢᠨᠠᠷ ᠢ ᠨᠢ ᠰᠡᠷᠭᠦᠭᠡᠵᠦ ᠭᠡᠮᠳᠦᠯ ᠰᠢᠷᠬᠠᠳᠤᠯ ᠠᠴᠠ ᠰᠡᠷᠭᠡᠶᠢᠯᠡᠨ᠎ᠠ᠃ | ᠦᠨᠳᠦᠰᠦᠨ ᠪᠤᠯᠪᠠᠰᠤᠷᠠᠯ᠃ ᠬᠦᠴᠢᠯᠳᠦ᠋ᠷᠦᠭᠴᠢᠳᠤ ᠬᠦᠳᠡᠯᠭᠡᠭᠡᠨ᠂ ᠴᠢᠳᠠᠯ ᠬᠦᠴᠦᠨ ᠤ ᠪᠤᠯᠪᠠᠰᠤᠷᠠᠯ᠂ | ᠪᠦᠮᠪᠦᠭᠡᠨ ᠤ ᠳᠦᠷᠦᠯ ᠤᠨ ᠬᠦᠳᠡᠯᠭᠡᠭᠡᠨ᠂ ᠳᠤᠮᠳᠠᠳᠤ ᠤᠯᠤᠰ ᠤᠨ ᠤᠯᠠᠮᠵᠢᠯᠠᠯᠳᠤ ᠳᠠᠮᠢᠷ ᠵᠡᠷᠭᠡ ᠶᠢ ᠪᠠᠭᠳᠠᠭᠠᠨ᠎ᠠ᠂ | ᠡᠩ ᠤᠨ ᠪᠠᠶᠢᠳᠠᠯ ᠳᠤ 30~60 ᠮᠢᠨᠦ᠋ᠲ ᠤᠨ ᠬᠦᠳᠡᠯᠭᠡᠭᠡᠨ ᠬᠢᠪᠡᠯ ᠳᠤᠬᠢᠷᠠᠮᠵᠢᠳᠠᠢ ᠪᠠᠶᠢᠳᠠᠭ᠃ | ᠳᠠᠶᠢᠪᠤᠰᠢᠷᠠᠭᠤᠯᠬᠤ ᠬᠦᠳᠡᠯᠭᠡᠭᠡᠨ᠃ ᠡᠨᠡ ᠨᠢ ᠰᠢᠷᠦᠭᠦᠨ ᠬᠦᠳᠡᠯᠭᠡᠭᠡᠨ ᠬᠢᠭᠰᠡᠨ ᠤ ᠪᠠᠨ ᠳᠠᠷᠠᠭ᠎ᠠ ᠰᠢᠭᠤᠳ | ᠵᠤᠬᠰᠤᠬᠤ ᠪᠢᠰᠢ ᠬᠠᠷᠢᠨ ᠵᠦᠭᠡᠯᠡᠨ ᠬᠦᠳᠡᠯᠭᠡᠭᠡᠨ ᠬᠢᠵᠦ ᠪᠡᠶ᠎ᠡ ᠡᠷᠭᠡᠳᠡᠨ ᠢ ᠠᠭᠠᠵᠢᠮ ᠢᠶᠠᠷ ᠬᠡᠪ ᠤᠨ ᠪᠠᠶᠢᠳᠠᠯ ᠳᠤᠨᠢ | ᠤᠷᠤᠭᠤᠯᠬᠤ ᠶᠠᠪᠤᠴᠠ ᠶᠢ ᠵᠢᠭᠠᠳᠠᠭ᠂ ᠡᠭᠦᠨ ᠳᠤ ᠳᠠᠶᠢᠪᠤᠩ ᠠᠯᠬᠤᠬᠤ᠂ ᠳᠠᠶᠢᠪᠤᠩ ᠬᠦᠶᠦᠬᠦ᠂ ᠳᠠᠳᠠᠵᠤ ᠰᠤᠩᠭᠠᠬᠤ | ᠵᠡᠷᠭᠡ ᠬᠦᠳᠡᠯᠭᠡᠭᠡᠨ ᠪᠠᠭᠳᠠᠳᠠᠭ᠃ ᠶᠠᠷᠢᠶᠠᠨ ᠦᠭᠡᠢ ᠬᠡᠳᠦ ᠰᠢᠷᠦᠭᠦᠨ ᠬᠦᠳᠡᠯᠭᠡᠭᠡᠨ ᠬᠢᠭᠰᠡᠨ ᠤ ᠳᠠᠷᠠᠭ᠎ᠠ ᠪᠤᠯᠴᠢᠩ | ᠰᠢᠷᠪᠦᠰᠦ ᠪᠠᠨ ᠨᠤᠬᠤᠯᠠᠬᠤ ᠵᠡᠷᠭᠡ ᠶᠢᠨ ᠠᠷᠭ᠎ᠠ ᠭᠡᠮᠵᠢᠶ᠎ᠠ ᠴᠤ ᠠᠪᠳᠠᠭ᠃ ᠳᠠᠶᠢᠪᠤᠰᠢᠷᠠᠭᠤᠯᠬᠤ ᠬᠦᠳᠡᠯᠭᠡᠭᠡᠨ ᠨᠢ | ᠶᠠᠳᠠᠷᠠᠭ᠎ᠠ ᠳᠠᠶᠢᠯᠬᠤ᠂ ᠪᠡᠶ᠎ᠡ ᠳᠤ ᠬᠡᠪ ᠤᠨ ᠪᠤᠰᠤ ᠪᠠᠶᠢᠳᠠᠯ ᠢᠯᠡᠷᠡᠬᠦ ᠠᠴᠠ ᠵᠠᠶᠢᠯᠠᠰᠬᠢᠬᠦ ᠳᠤ ᠳᠤᠰᠠᠳᠠᠢ ᠪᠠᠶᠢᠳᠠᠭ᠃ | | |