ᠰᠤᠷᠭᠠᠨ ᠬᠦᠮᠦᠵᠢᠯ ᠤᠨ ᠶᠠᠮᠤᠨ᠄ ᠮᠠᠨ ᠤ ᠣᠯᠣᠰ ᠤᠨ ᠲᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠪᠦᠬᠦ ᠲᠤᠭ᠎ᠠ ᠳᠡᠯᠡᠬᠡᠢ ᠳᠤ ᠳᠡᠷᠢᠬᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2017/10/23
    ᠦᠢᠷ ᠎ᠠ ᠶᠢᠨ ᠡᠳᠤᠷ᠂ ᠰᠤᠷᠪᠤᠯᠵᠢᠯᠠᠬᠴᠢ ᠰᠤᠷᠭᠠᠨ ᠬᠦᠮᠦᠵᠢᠯ ᠤᠨ ᠶᠠᠮᠤᠨ ᠤ ᠰᠤᠨᠢᠨ ᠮᠡᠲᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠤᠶᠢᠯᠠᠭᠠᠭᠰᠠᠨ ᠢᠶᠠᠷ᠂ 2012 ᠤᠨ ᠠᠴᠠ 2016 ᠤᠨ ᠪᠤᠯᠲᠠᠯ᠎ᠠ ᠮᠠᠨ ᠤ ᠣᠯᠣᠰ ᠤᠨ GDP ᠶᠢᠨ ᠲᠤᠲᠤᠷ᠎ᠠ ᠡᠵᠡᠯᠡᠬᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠦᠮᠦᠵᠢᠯ ᠤᠨ ᠵᠠᠷᠤᠲᠠᠯ ᠤᠨ ᠬᠠᠷᠢᠴᠠᠯ 5 ᠵᠢᠯ ᠲᠠᠷᠠᠭᠠᠯᠠᠨ 4% ᠢ ᠳᠠᠪᠠᠵᠤ᠂ 5 ᠵᠢᠯ ᠳᠤ ᠨᠡᠶᠢᠲᠡ 13.5 ᠳᠦᠮᠡᠨ ᠳ᠋ᠦᠩᠰᠢᠭᠤᠷ ᠳᠦᠬᠦᠷᠢᠭ ᠤᠷᠤᠭᠤᠯᠵᠤ᠂ 1952 ᠤᠨ ᠠᠴᠠ 2011 ᠤᠨ ᠪᠤᠯᠲᠠᠯᠠᠬᠢ 60 ᠵᠢᠯ ᠤᠨ ᠨᠡᠶᠢᠲᠡ ᠲᠤᠭᠠᠨ ᠠᠴᠠ ᠲᠠᠪᠠᠵᠠᠢ᠃     2016 ᠤᠨ ᠳᠤ ᠮᠠᠨ ᠤ ᠣᠯᠣᠰ ᠲᠤ 51.2 ᠳᠦᠮᠡᠨ ᠡᠯ᠎ᠡ ᠳᠡᠰ ᠡᠯ᠎ᠡ ᠲᠦᠷᠦᠯ ᠤᠨ ᠰᠤᠷᠭᠠᠭᠤᠯᠢ ᠲᠠᠢ᠂ ᠡᠯ᠎ᠡ ᠳᠡᠰ ᠡᠯ᠎ᠡ ᠲᠦᠷᠦᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ 2.65 ᠳ᠋ᠦᠩᠰᠢᠭᠤᠷ ᠬᠦᠮᠦᠨ᠂ ᠰᠤᠷᠤᠯᠭ᠎ᠠ ᠶᠢᠨ ᠨᠠᠮᠳᠠᠷ ᠤᠨ ᠪᠤᠰᠦ ᠰᠤᠷᠭᠠᠨ ᠬᠦᠮᠦᠵᠢᠯ ᠳᠤ ᠳᠠᠩᠰᠠᠯᠠᠭᠤᠯᠤᠬᠰᠠᠨ ᠬᠦᠮᠦᠨ ᠤ ᠳᠤᠭ᠎ᠠ 5325.5 ᠳᠦᠮᠡᠨ ᠬᠦᠮᠦᠨ ᠪᠠᠶᠢᠪᠠ᠃    ᠲᠡᠭᠡᠲᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠨᠡᠶᠢᠲᠡ 3699 ᠳᠦᠮᠡᠨ ᠬᠦᠮᠦᠨ᠂ ᠡᠨᠡ ᠨᠢ 2012 ᠤᠨ ᠠᠴᠠ 373.8 ᠳᠦᠮᠡᠨ ᠬᠦᠮᠦᠨ ᠨᠡᠮᠡᠭᠲᠡᠵᠦ᠂ 11.2% ᠢᠶᠠᠷ ᠨᠡᠮᠡᠭᠲᠡᠵᠡᠢ᠃ ᠢᠩᠬᠢᠭᠡᠳ ᠮᠠᠨ ᠤ ᠣᠯᠣᠰ ᠲᠡᠯᠡᠬᠡᠢ ᠲᠡᠭᠡᠷᠡᠬᠢ ᠲᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠨᠢᠭᠡᠲᠤᠭᠡᠷ ᠳᠤᠮᠤ ᠤᠯᠤᠰ ᠪᠤᠯᠵᠠᠢ︔ ᠲᠡᠭᠡᠲᠤ ᠵᠡᠷᠭᠡ ᠶᠢᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠪᠦᠬᠦ ᠨᠤᠷᠮ᠎ᠠ 42.7% ᠲᠤ ᠬᠦᠷᠴᠦ᠂ 2012 ᠤᠨ ᠠᠴᠠ 12.7 ᠵᠠᠭᠤᠨ ᠤ ᠨᠢᠭᠡᠴᠢ ᠲᠡᠭᠡᠭᠰᠢᠯᠡᠵᠦ᠂ ︽ᠣᠯᠣᠰ ᠤᠨ ᠤᠷᠲᠤ ᠬᠤᠭᠤᠴᠠᠭᠠᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠦᠭᠵᠢᠯᠲᠠ ᠶᠢᠨ ᠳᠦᠯᠦᠪᠵᠢᠬᠦᠯᠭᠡ ᠶᠢᠨ ᠳᠤᠪᠴᠢ ︵2010 ᠤᠨ — 2020 ᠤᠨ︶︾ ᠳᠤ ᠲᠤᠷᠠᠲᠤᠭᠰᠠᠨ 40% ᠲᠤ ᠬᠦᠷᠭᠡᠬᠦ ᠬᠠᠷᠠᠯᠲᠠ ᠶᠢ ᠤᠷᠢᠳᠴᠢᠯᠠᠨ ᠪᠡᠶᠡᠯᠡᠬᠦᠯᠵᠡᠢ᠃ ᠡᠬᠦᠨ ᠠᠴᠠ ᠭᠠᠲᠠᠨ᠎ᠠ ᠡᠷᠲᠡᠮ ᠰᠢᠨᠵᠢᠯᠡᠭᠡᠨ ᠤ ᠬᠢᠷᠢ ᠬᠡᠮᠵᠢᠶ᠎ᠠ ᠪᠠᠷ ᠵᠢᠬᠰᠠᠭᠠᠭᠰᠠᠨ ᠳᠡᠯᠡᠬᠡᠢ ᠶᠢᠨ ᠶᠡᠭᠡ ᠰᠤᠷᠭᠠᠭᠤᠯᠢ ᠶᠢᠨ ᠵᠢᠬᠰᠠᠭᠠᠯᠲᠠ ᠳᠤ ᠮᠠᠨ ᠤ ᠣᠯᠣᠰ ᠤᠨ ᠪᠠᠶᠢᠷᠢ ᠲᠠᠰᠤᠷᠠᠯᠲᠠ ᠦᠭᠡᠢ ᠤᠷᠤᠭᠰᠢᠯᠠᠵᠤ᠂ 2012 ᠤᠨ ᠠᠴᠠ 2016 ᠤᠨ ᠪᠤᠯᠲᠠᠯ᠎ᠠ ESI ︵ᠰᠢᠨᠵᠢᠯᠡᠬᠦ ᠤᠬᠠᠭᠠᠨ ᠤ ᠦᠨᠳᠦᠰᠦᠨ ᠭᠦᠢᠴᠡᠳᠭᠡᠯ ᠳᠤᠭᠠᠨ ᠤ ᠬᠦᠮᠦᠷᠭᠡ︶ ᠶᠢᠨ ᠳᠦᠷᠦᠬᠦᠦ 1% ᠲᠤ ᠤᠷᠤᠬᠰᠠᠨ ᠰᠢᠨᠵᠢᠯᠡᠭᠡᠨ ᠤ ᠰᠠᠯᠠᠭᠠᠨ ᠤ ᠲᠤᠭ᠎ᠠ 279 ᠪᠠᠶᠢᠬᠰᠠᠨ ᠠᠴᠠ ᠪᠠᠨ 770 ᠪᠤᠯᠵᠤ᠂ ᠰᠢᠨᠵᠢᠯᠡᠭᠡᠨ ᠤ ᠰᠠᠯᠠᠭ᠎ᠠ ᠨᠢ ᠳᠦᠷᠦᠬᠦᠦ 1% ᠲᠤ ᠤᠷᠤᠬᠰᠠᠨ ᠲᠡᠭᠡᠲᠤ ᠰᠤᠷᠭᠠᠭᠤᠯᠢ 91 ᠪᠠᠶᠢᠬᠰᠠᠨ ᠠᠴᠠ ᠪᠠᠨ 192 ᠪᠤᠯᠵᠠᠢ᠃
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号