| | | | 10 ᠰᠠᠷ᠎ᠠ ᠶᠢᠨ 21 ᠤ ᠡᠳᠦᠷ᠂ ᠤᠩᠨᠢᠭᠤᠳ ᠬᠤᠰᠢᠭᠤ ᠪᠣᠯᠣᠨ ᠪᠠᠭᠠᠷᠢᠨ ᠪᠠᠷᠠᠭᠤᠨ ᠬᠤᠰᠢᠭᠤᠨ ᠤ | ᠮᠤᠩᠭᠤᠯ ᠣᠷᠠᠨ ᠪᠢᠴᠢᠯᠭᠡ ᠶᠢᠨ ᠰᠤᠶᠤᠯ ᠤᠨ ᠰᠤᠯᠢᠯᠴᠠᠭᠠᠨ ᠤ ᠠᠵᠢᠯᠯᠠᠭᠠᠨ ᠪᠣᠷᠣᠬᠤᠲᠠ ᠮᠤᠩᠭᠤᠯ ᠲᠣᠮᠳᠠᠲᠣ | ᠰᠣᠷᠭᠠᠭᠤᠯᠢ ᠳᠤ ᠠᠮᠵᠢᠯᠲᠠ ᠲᠠᠢ ᠶᠠᠪᠣᠭᠳᠠᠪᠠ᠃ | ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ 14 ᠬᠡᠰᠢᠭᠦᠨ | ᠤᠩᠨᠢᠭᠤᠳ ᠬᠤᠰᠢᠭᠤᠨ ᠤ ᠮᠤᠩᠭᠤᠯ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠣᠷᠢᠯᠠᠭ᠎ᠠ ᠪᠠᠷ ᠪᠣᠷᠣᠬᠤᠲᠠ | ᠮᠤᠩᠭᠤᠯ ᠲᠣᠮᠲᠠᠲᠣ ᠰᠣᠷᠭᠠᠭᠤᠯᠢ ᠳᠤ ᠬᠦᠷᠴᠦ ᠮᠤᠩᠭᠤᠯ ᠣᠷᠠᠨ ᠪᠢᠴᠢᠯᠭᠡ ᠶᠢᠨ ᠬᠦᠭᠵᠢᠯᠲᠡ ᠶᠢᠨ ᠲᠤᠶᠢᠮᠣ᠂ | ᠬᠤᠶᠢᠰᠢᠲᠠ ᠶᠢᠨ ᠲᠦᠰᠦᠪ ᠲᠦᠯᠦᠪᠯᠡᠭᠡ᠂ ᠬᠤᠶᠠᠷ ᠬᠤᠰᠢᠭᠤᠨ ᠤ ᠮᠤᠩᠭᠤᠯ ᠣᠷᠠᠨ ᠪᠢᠴᠢᠯᠭᠡ ᠶᠢᠨ ᠠᠵᠢᠯ ᠤᠨ | ᠲᠣᠬᠠᠢ ᠴᠢᠯᠦᠭᠡᠲᠦ ᠶᠠᠷᠢᠯᠴᠠᠭ᠎ᠠ ᠦᠷᠨᠢᠭᠦᠯᠵᠣ᠂ ᠰᠠᠨᠠᠯ ᠪᠤᠳᠣᠯ ᠢᠶᠠᠨ ᠰᠤᠯᠢᠯᠴᠠᠨ ᠲᠣᠷᠰᠢᠯᠭ᠎ᠠ ᠪᠠᠨ | ᠬᠤᠪᠢᠶᠠᠯᠴᠠᠭᠰᠠᠨ ᠤ ᠬᠠᠮᠲᠣ ᠪᠤᠷᠣᠬᠤᠲᠠ ᠮᠤᠩᠭᠤᠯ ᠲᠣᠮᠲᠠᠲᠣ ᠰᠣᠷᠭᠠᠭᠤᠯᠢ ᠶᠢᠨ ᠣᠷᠠᠨ ᠪᠢᠴᠢᠯᠭᠡ ᠶᠢᠨ | ᠪᠤᠯᠪᠠᠰᠣᠷᠠᠯ ᠤᠨ ᠥᠷᠦᠭᠡ ᠳᠤ ᠲᠣᠬᠠᠢ ᠶᠢᠨ ᠲᠠᠯᠠᠪᠠᠢ ᠳᠤ ᠵᠢᠭᠠᠨ ᠵᠢᠯᠣᠭᠤᠲᠣᠯᠭ᠎ᠠ ᠬᠢᠭᠰᠡᠨ ᠪᠦᠭᠡᠳ ᠣᠯᠠᠨ | ᠰᠠᠶᠢᠬᠠᠨ ᠪᠦᠲᠦᠭᠡᠯ ᠢᠶᠠᠨ ᠰᠣᠷᠭᠠᠭᠤᠯᠢ᠂ ᠪᠠᠭᠰᠢ ᠰᠣᠷᠣᠭᠴᠢᠳ ᠵᠢᠴᠢ ᠠᠵᠢᠯᠯᠠᠭᠠᠨ ᠳᠤ ᠣᠷᠣᠯᠴᠠᠭᠰᠠᠨ | ᠬᠦᠮᠦᠰ ᠲᠤ ᠪᠡᠯᠡᠭᠯᠡᠭᠰᠡᠨ ᠪᠠᠶᠢᠨ᠎ᠠ᠃ ᠬᠤᠷᠠᠯ ᠳᠤ ᠪᠠᠰᠠ ᠣᠯᠠᠭᠠᠨᠬᠠᠳᠠ ᠬᠤᠲᠠ ᠶᠢᠨ ᠮᠤᠩᠭᠤᠯ ᠣᠷᠠᠨ | ᠪᠢᠴᠢᠯᠭᠡᠲᠡᠳ ᠤᠨ ᠨᠡᠶᠢᠭᠡᠮᠯᠢᠭ ᠤᠨ ᠳᠡᠳ᠋ ᠳᠡᠷᠢᠭᠦᠯᠡᠭᠴᠢ ᠴᠤᠭᠵᠢᠯᠲᠣ ᠠᠪᠣᠭᠠᠢ ᠪᠣᠯᠣᠨ ᠡᠷᠳᠡᠮᠲᠦ ᠠᠪᠣᠭᠠᠢ | ᠤᠷᠢᠭᠳᠠᠨ ᠤᠷᠤᠯᠴᠠᠵᠣ᠂ ᠡᠷᠬᠢᠮ ᠨᠠᠨᠳᠢᠨ ᠰᠠᠨᠠᠯ ᠵᠥᠪᠯᠡᠯᠭᠡ ᠪᠠᠨ ᠥᠭᠭᠦᠭᠰᠡᠨ ᠤ ᠬᠠᠮᠲᠣ ᠲᠣᠬᠠᠢ ᠶᠢᠨ | ᠲᠠᠯᠠᠪᠠᠢ ᠳᠤ ᠣᠯᠠᠨ ᠰᠠᠶᠢᠬᠠᠨ ᠪᠦᠲᠦᠭᠡᠯ ᠪᠦᠲᠦᠭᠡᠵᠠᠢ᠃ ᠡᠭᠦᠨ ᠠᠴᠠ ᠭᠠᠳᠠᠨ᠎ᠠ ᠤᠩᠨᠢᠭᠤᠳ ᠬᠤᠰᠢᠭᠤᠨ ᠤ | ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ ᠬᠡᠰᠡᠭ ᠬᠡᠰᠢᠭᠦᠳ᠂ ᠪᠤᠷᠣᠬᠤᠲᠠ ᠮᠤᠩᠭᠤᠯ ᠲᠣᠮᠳᠠᠲᠣ | ᠰᠣᠷᠭᠠᠭᠤᠯᠢ ᠶᠢᠨ ᠣᠷᠠᠨ ᠪᠢᠴᠢᠯᠭᠡ ᠳᠤ ᠲᠤᠷ᠎ᠠ ᠪᠠᠭ᠋ᠠᠲᠠᠢ ᠰᠣᠷᠣᠭᠴᠢᠳ ᠠᠵᠢᠯᠯᠠᠭᠠᠨ ᠳᠤ ᠤᠷᠣᠯᠴᠠᠭᠰᠠᠨ ᠪᠠᠶᠢᠨ᠎ᠠ᠃ | ᠠᠵᠢᠯᠯᠠᠭᠠᠨ ᠳᠤ ᠤᠷᠣᠯᠴᠠᠭᠰᠠᠳ ᠪᠠᠰᠠ ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ | ᠨᠡᠶᠢᠭᠡᠮᠯᠢᠭ ᠤᠨ ᠬᠡᠰᠢᠭᠦᠳ ᠤᠨ ᠳᠠᠭᠠᠭᠤᠯᠭ᠎ᠠ ᠪᠠᠷ ᠦᠳᠡ ᠶᠢᠨ ᠬᠤᠸᠠ ᠪᠠᠯᠭᠠᠰᠣ ᠶᠢᠨ ᠭᠥᠸᠧ ᠭᠦᠩ ᠹᠦ᠋ | ᠲᠤᠰᠬᠤᠨ ᠳᠤ ᠪᠠᠶᠢᠭ᠎ᠠ 13 ᠳ᠋ᠤᠭᠠᠷ ᠵᠠᠭᠤᠨ ᠤ ᠦᠶ᠎ᠡ ᠶᠢᠨ ᠮᠤᠩᠭᠤᠯ ᠦᠰᠦᠭ ᠢ ᠰᠡᠶᠢᠯᠣᠭ᠍ᠰᠡᠨ ᠵᠠᠩ ᠢᠩ | ᠷᠦᠢ ᠶᠢᠨ ᠬᠦᠰᠢᠶᠡᠨ ᠪᠢᠴᠢᠭ᠂ ᠤᠩᠨᠢᠭᠤᠳ ᠬᠤᠰᠢᠭᠤᠨ ᠤ ᠮᠦᠵᠠᠢ ᠪᠤᠯᠣᠨ ᠵᠠᠩ ᠵᠢᠶᠦ᠋ᠨ ᠤ ᠡᠷᠲᠡᠨ ᠤ ᠡᠳ᠋ | ᠥᠯᠦᠭ ᠤᠨ ᠮᠦᠵᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠤᠪᠣᠷ ᠨᠠᠨᠳᠢᠨ ᠰᠤᠨᠢᠨ ᠭᠠᠶᠢᠬᠠᠮᠰᠢᠭᠲᠣ | ᠵᠦᠢᠯᠡᠰ ᠢ ᠰᠣᠨᠢᠷᠬᠠᠵᠠᠭᠠᠭᠰᠠᠨ ᠪᠠᠶᠢᠨ᠎ᠠ᠃ | ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠨᠢ 2011 ᠣᠨ ᠤ ᠨᠠᠮᠣᠷ | ᠪᠠᠶᠢᠭᠤᠯᠣᠭᠳᠠᠵᠣ᠂ ᠤᠳᠣᠬᠠᠨ ᠪᠤᠯᠲᠠᠯ᠎ᠠ ᠳᠠᠯᠠᠭᠠᠳ ᠬᠡᠰᠢᠭᠦᠨ ᠲᠠᠢ᠂ ᠪᠠᠶᠢᠭᠤᠯᠣᠭᠳᠠᠭᠰᠠᠨ ᠠᠴᠠ ᠨᠠᠰᠢ | ᠨᠡᠶᠢᠭᠡᠮᠯᠢᠭ ᠤᠨ ᠭᠡᠰᠢᠭᠦᠳ ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡ ᠶᠢ ᠬᠡᠷᠬᠢᠨ ᠬᠦᠭᠵᠢᠭᠦᠯᠬᠦ ᠳᠤ | ᠰᠠᠨᠠᠭ᠎ᠠ ᠬᠦᠴᠦᠨ ᠢᠶᠠᠨ ᠲᠠᠯᠪᠢᠵᠣ᠂ ᠢᠯᠠᠩᠭᠤᠶ᠎ᠠ ᠮᠤᠩᠭᠤᠯ ᠣᠷᠠᠨ ᠪᠢᠴᠢᠯᠭᠡ ᠶᠢ ᠰᠣᠷᠭᠠᠭᠤᠯᠢ ᠶᠢᠨ ᠬᠦᠷᠢᠶᠠᠨ ᠳᠤ | ᠣᠷᠣᠭᠤᠯᠬᠤ ᠶᠢ ᠠᠵᠢᠯ ᠤᠨ ᠢᠶᠠᠨ ᠭᠤᠣᠯᠳᠠᠯᠭ᠎ᠠ ᠪᠣᠯᠭᠠᠨ ᠠᠳᠬᠤᠵᠣ ᠢᠷᠡᠭᠰᠡᠨ ᠶᠤᠮ᠃ ᠤᠳᠤᠬᠠᠨ ᠳᠤ | ᠪᠤᠷᠣᠬᠤᠲᠠ ᠮᠤᠩᠭᠤᠯ ᠲᠣᠮᠲᠠᠲᠣ ᠰᠣᠷᠭᠠᠭᠤᠯᠢ ᠨᠢ ᠮᠤᠩᠭᠤᠯ ᠣᠷᠠᠨ ᠪᠢᠴᠢᠯᠭᠡ ᠶᠢᠨ ᠲᠤᠷ᠎ᠠ ᠪᠠᠭ᠋ᠠᠲᠠᠳ ᠤᠨ ᠠᠩᠭᠢ | ᠳ᠋ᠭᠠᠨ ᠬᠤᠷᠢᠭᠠᠳ ᠰᠣᠷᠣᠭᠴᠢ ᠲᠠᠢ ᠪᠠᠷ ᠪᠠᠷᠠᠬᠤ ᠦᠭᠡᠢ ᠮᠣᠩᠭᠤᠯ ᠣᠷᠠᠨ ᠪᠢᠴᠢᠯᠭᠡ ᠶᠢᠨ ᠲᠣᠰᠬᠠᠢ ᠮᠡᠷᠭᠡᠵᠢᠯ ᠢᠶᠠᠷ | ᠶᠡᠭᠡ ᠰᠣᠷᠭᠠᠭᠤᠯᠢ ᠳᠤ ᠰᠢᠯᠭᠠᠬᠤ ᠰᠣᠷᠣᠭᠴᠢᠳ ᠲᠤ ᠵᠤᠷᠢᠭᠤᠯᠣᠭᠰᠠᠨ ᠲᠣᠰᠬᠠᠢ ᠮᠡᠷᠭᠡᠵᠢᠯ ᠤᠨ ᠠᠩᠭᠢ ᠭᠠᠷᠭᠠᠭᠰᠠᠨ | ᠪᠠᠶᠢᠨ᠎ᠠ᠃ ᠲᠣᠰᠬᠠᠢ ᠮᠡᠷᠭᠡᠵᠢᠯ ᠤᠨ ᠠᠩᠭᠢ ᠨᠢ ᠭᠠᠷᠠᠭ ᠤᠨ ᠨᠢᠭᠡᠨ᠂ ᠭᠤᠷᠪᠠᠨ᠂ ᠲᠠᠪᠣᠨ ᠤ ᠣᠷᠣᠢ ᠶᠢᠨ | ᠳᠠᠪᠲᠠᠯᠭ᠎ᠠ ᠪᠣᠯᠣᠨ ᠡᠳᠦᠷ ᠪᠤᠯᠭᠠᠨ ᠤ ᠨᠠᠢᠮᠠᠲᠣᠭᠠᠷ ᠬᠢᠴᠢᠶᠡᠯ ᠳᠤ ᠬᠢᠴᠢᠶᠡᠯᠡᠯᠭᠡ ᠬᠢᠵᠣ᠂ ᠲᠤᠷ᠎ᠠ ᠪᠠᠭ᠋ᠠᠲᠠᠳ ᠤᠨ | ᠠᠩᠭᠢ ᠨᠢ ᠭᠠᠷᠠᠭ ᠤᠨ ᠲᠠᠪᠣᠨ ᠤ ᠣᠷᠣᠢ ᠶᠢᠨ ᠲᠠᠪᠲᠠᠯᠭ᠎ᠠ ᠳᠤ ᠬᠢᠴᠢᠶᠡᠯᠡᠯᠭᠡ ᠬᠢᠳᠡᠭ᠃ | | ᠳᠤᠷᠣᠨᠠ ᠰᠤᠷᠪᠦᠯᠵᠢᠯᠠᠨ ᠮᠡᠳᠡᠭᠡᠯᠡᠪᠠ | | | | | | | | | | | | | | | |