ᠥᠪᠦᠷ ᠮᠣᠩᠭᠤᠯ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠄ ᠰᠦᠯᠵᠢᠶᠡᠨ ᠪᠣᠯᠵᠣᠭᠠᠨ ᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢ ᠴᠢᠯᠥᠭᠡᠲᠡᠶ ᠲᠠᠯᠪᠢᠬᠤ ᠪᠠᠷ ᠪᠣᠢ
ᠨᠡᠶᠢᠲᠡᠯᠡᠭᠰᠡᠨ ᠴᠠᠭ᠄
2017/10/24
     ᠦᠨ᠎ᠡ ᠬᠠᠩᠰᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠤᠰᠠᠳᠠ᠂ ᠮᠠᠨ ᠤ ᠣᠷᠣᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠦ ᠪᠠᠶᠢᠨ᠎ᠠ᠃      ᠨᠢᠭᠡ ᠳᠤ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠥᠭᠡᠷᠡᠴᠢᠯᠡᠵᠦ᠂ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢ ᠵᠠᠰᠠᠭ ᠤᠨ ᠣᠷᠳᠣᠨ ᠲᠣᠭᠲᠠᠭᠠᠵᠤ ᠪᠠᠶᠢᠭᠰᠠᠨ ᠠᠴᠠ ᠨᠢ ᠥᠭᠡᠷᠡᠴᠢᠯᠡᠭᠡᠳ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠪᠣᠯᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾ ᠶᠣᠰᠣᠭᠠᠷ᠂ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠬᠤ ᠡᠷᠬᠡ ᠣᠯᠭᠤᠨ᠎ᠠ᠃     ᠬᠤᠶᠠᠷ ᠲᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢ ᠡᠬᠢᠯᠡᠵᠦ ᠬᠦᠳᠡᠯᠬᠦ ᠦᠨ᠎ᠡ᠂ ᠨᠢᠭᠡᠴᠢ ᠵᠠᠮ ᠤᠨ ᠵᠠᠶ ᠶᠢᠨ ᠦᠨ᠎ᠡ᠂ ᠬᠤᠭᠤᠰᠣᠨ ᠪᠤᠴᠠᠬᠤ ᠵᠠᠷᠤᠳᠠᠯ᠂ ᠬᠦᠯᠢᠶᠡᠯᠭᠡᠬᠦ ᠵᠠᠷᠤᠳᠠᠯ᠂ ᠣᠨᠴᠣᠭᠤᠶ ᠴᠠᠭ ᠬᠤᠭᠤᠴᠠᠭᠠᠨ ᠤ ᠦᠨ᠎ᠡ ᠵᠡᠷᠭᠡ ᠲᠥᠷᠥᠯ ᠵᠦᠢᠯ ᠢᠶᠠᠷ ᠪᠦᠷᠢᠯᠳᠦᠭᠦᠯᠵᠦ᠂ ᠡᠯ᠎ᠡ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠯ ᠤᠨ ᠪᠣᠳᠠᠲᠠᠢ ᠠᠭᠤᠯᠭ᠎ᠠ ᠶᠢ ᠦᠨᠳᠦᠰᠦᠯᠡᠨ ᠲᠣᠭᠲᠠᠭᠠᠵᠤ ᠪᠤᠯᠤᠨ᠎ᠠ᠃ ᠡᠭᠦᠨ ᠳᠤ᠂ ᠡᠬᠢᠯᠡᠵᠦ ᠬᠥᠳᠡᠯᠬᠦ ᠦᠨ᠎ᠡ᠂ ᠨᠢᠭᠡᠴᠢ ᠵᠠᠮ ᠤᠨ ᠵᠠᠶ ᠶᠢᠨ ᠦᠨ᠎ᠡ ᠶᠢ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠦᠨᠳᠦᠰᠦᠨ ᠪᠠᠷᠢᠮᠵᠢᠶ᠎ᠠ ᠪᠣᠯᠭᠠᠨ᠎ᠠ᠃      ᠭᠤᠷᠪᠠ ᠳᠤ ᠠᠵᠢᠯ ᠳᠦᠷᠦᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠢᠮᠠᠭ ᠬᠤᠳᠠ᠂ ᠬᠤᠰᠢᠭᠤ ᠰᠢᠶᠠᠨ ᠤ ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠤᠯ ᠤᠨ ᠨᠡᠶᠢᠭᠡᠮᠯᠢᠭ ᠲᠤ ᠨᠠᠶᠢᠳᠠᠵᠤ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢ ᠲᠡᠭᠡᠭᠡᠪᠦᠷᠢ ᠶᠢᠨ ᠦᠨ᠎ᠡ ᠬᠠᠩᠰᠢ ᠶᠢᠨ ᠦᠨᠳᠦᠰᠦᠨ ᠪᠠᠷᠢᠮᠵᠢᠶ᠎ᠠ ᠠᠴᠠ ᠳᠡᠭᠡᠭᠰᠢ ᠳᠣᠷᠣᠭᠰᠢ 15% ᠠᠴᠠ ᠳᠠᠪᠠᠭᠤᠯᠬᠤ ᠦᠭᠡᠢ ᠪᠠᠶᠢᠬᠤ ᠬᠡᠪᠴᠢᠶᠡᠨ ᠳᠣᠲᠣᠷ᠎ᠠ ᠲᠣᠬᠢᠷᠠᠭᠤᠯᠵᠦ ᠪᠣᠯᠣᠨ᠎ᠠ᠃ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠨᠡᠶᠢᠭᠡᠮᠯᠢᠭ ᠨᠢ ᠲᠤᠬᠠᠶ ᠶᠢᠨ ᠭᠠᠵᠠᠷ ᠤᠨ ᠡᠩ ᠤᠨ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠥᠷᠳᠡᠭ᠂ ᠰᠠᠭᠤᠭᠠᠯᠢ ᠠᠷᠠᠳ ᠪᠣᠯᠤᠨ ᠵᠢᠯᠣᠭᠤᠴᠢ ᠶᠢᠨ ᠣᠷᠣᠯᠭ᠎ᠠ ᠶᠢᠨ ᠬᠢᠷᠢ ᠲᠥᠪᠰᠢᠨ᠂ ᠵᠠᠮ ᠬᠠᠷᠢᠯᠴᠠᠭᠠᠨ ᠤ ᠪᠠᠶᠢᠳᠠᠯ ᠵᠢᠴᠢ ᠳᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠦᠰᠡᠯ ᠡᠷᠡᠮᠡᠯᠵᠡᠯ ᠵᠡᠷᠭᠡ ᠬᠦᠴᠦᠨ ᠵᠦᠢᠯ ᠢ ᠦᠨᠳᠦᠰᠦᠯᠡᠨ᠂ ᠲᠣᠭᠲᠠᠭᠰᠠᠨ ᠬᠡᠮᠵᠢᠶᠡᠨ ᠳᠣᠲᠣᠷ᠎ᠠ ᠲᠡᠭᠡᠭᠡᠪᠦᠷᠢ ᠶᠢᠨ ᠬᠥᠳᠡᠯᠦᠩᠭᠦᠢ ᠦᠨ᠎ᠡ ᠬᠠᠩᠰᠢ ᠶᠢ ᠲᠣᠭᠲᠠᠭᠠᠵᠦ ᠪᠣᠯᠬᠤ ᠪᠥᠭᠡᠳ ᠲᠤᠬᠠᠶ ᠶᠢᠨ ᠭᠠᠵᠠᠷ ᠤᠨ ᠢᠶᠠᠨ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠂ ᠲᠣᠬᠢᠷᠠᠭᠤᠯᠬᠤ ᠳᠠᠪᠲᠠᠮᠵᠢ ᠪᠠᠨ 1 ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃        ᠲᠦᠷᠪᠡ ᠳᠤ ᠰᠦᠯᠵᠢᠶᠡᠨ ᠪᠣᠯᠵᠣᠭᠠᠨ ᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠰᠦᠯᠵᠢᠶᠡᠨ ᠪᠣᠯᠵᠣᠭᠠᠨ ᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠨ᠎ᠡ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠠ ᠴᠢᠬᠤᠯᠠ ᠲᠠᠢ ᠭᠡᠵᠦ ᠦᠵᠡᠭᠰᠡᠨ ᠳᠡᠭᠡᠨ ᠵᠠᠰᠠᠭ ᠤᠨ ᠣᠷᠳᠣᠨ ᠤ ᠵᠢᠯᠣᠭᠤᠳᠣᠮᠵᠢ ᠶᠢᠨ ᠦᠨ᠎ᠡ ᠶᠢ ᠬᠡᠷᠡᠭᠵᠢᠭᠦᠯᠵᠦ ᠪᠣᠯᠬᠤ ᠪᠦᠭᠡᠳ ᠰᠦᠯᠵᠢᠶᠡᠨ ᠪᠣᠯᠵᠤᠭᠠᠨ ᠤ ᠮᠠᠰᠢᠨ ᠲᠡᠷᠭᠡ ᠪᠣᠯᠣᠨ ᠡᠩ ᠤᠨ ᠮᠠᠰᠢᠨ ᠲᠡᠷᠭᠡᠨ ᠤ ᠬᠠᠷᠢᠯᠴᠠᠨ ᠥᠷᠢᠰᠥᠯᠳᠦᠬᠦ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠨ᠎ᠠ᠃     ᠲᠠᠪᠤ ᠳᠤ ᠡᠩ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠬᠢᠭᠡᠳ ᠴᠢᠯᠠᠭᠤᠨ ᠲᠤᠰᠤ ᠰᠢᠲᠠᠮᠠᠬᠠᠶ ᠬᠡᠢ ᠶᠢᠨ ᠦᠨ᠎ᠡ ᠬᠠᠩᠰᠢ ᠶᠢ ᠬᠤᠯᠪᠣᠭᠳᠠᠨ ᠬᠥᠳᠡᠯᠦᠯᠴᠡᠬᠦ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠡᠬᠢᠯᠡᠯᠲᠡ ᠶᠢᠨ ᠴᠡᠭ ᠢ ᠲᠣᠰᠣᠨ ᠤ ᠦᠨ᠎ᠡ ᠬᠠᠩᠰᠢ ᠶᠢᠨ ᠥᠰᠥᠯᠲᠡ ᠪᠠᠭᠤᠷᠠᠯᠲᠠ ᠶᠢᠨ 1 ~ 1.5 ᠲᠥᠭᠦᠷᠢᠭ \ ᠯᠢᠳ᠋ᠷ᠂ ᠰᠢᠲᠠᠮᠠᠬᠠᠢ ᠬᠡᠢ ᠶᠢᠨ ᠦᠨ᠎ᠡ ᠬᠠᠩᠰᠢ ᠶᠢᠨ ᠥᠰᠥᠯᠲᠡ ᠪᠠᠭᠤᠷᠠᠯᠲᠠ ᠶᠢᠨ 0.5 ~ 0.8 ᠲᠥᠭᠦᠷᠢᠭ / ᠪᠣᠰᠤᠭ᠎ᠠ ᠳᠥᠷᠪᠡᠯᠵᠢᠨ ᠮᠧᠳ᠋ᠷ ᠢᠶᠠᠷ ᠲᠣᠬᠢᠷᠠᠭᠤᠯᠵᠦ ᠪᠣᠯᠣᠨ᠎ᠠ᠃      ᠮᠠᠨ ᠤ ᠣᠷᠣᠨ ᠤ ᠲᠤᠰ ᠤᠳᠠᠭᠠᠨ ᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠬᠡᠯᠪᠡᠷᠢ ᠶᠢᠨ ᠥᠭᠡᠷᠡᠴᠢᠯᠡᠯᠲᠡ ᠨᠢ ᠲᠡᠭᠡᠭᠡᠪᠦᠷᠢ ᠶᠢᠨ ᠦᠨ᠎ᠡ ᠬᠠᠩᠰᠢ ᠶᠢᠨ ᠵᠠᠭᠪᠤᠷ ᠤᠨ ᠲᠠᠯ᠎ᠠ ᠪᠠᠷ ᠬᠢ ᠰᠢᠨ᠎ᠡ ᠡᠭᠦᠳᠦᠯᠲᠡ ᠪᠣᠯᠤᠨ ᠰᠢᠪᠲᠤᠯᠤᠯᠲᠠ ᠪᠣᠯᠣᠨ᠎ᠠ᠂ ᠵᠠᠰᠠᠭ ᠤᠨ ᠣᠷᠳᠣᠨ ᠤ ᠵᠢᠯᠣᠭᠤᠳᠤᠮᠵᠢ ᠶᠢᠨ ᠦᠨ᠎ᠡ ᠬᠠᠩᠰᠢ ᠪᠣᠯᠣᠨ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠬᠠᠩᠰᠢ ᠶᠢ ᠤᠶᠠᠯᠳᠤᠭᠤᠯᠬᠤ ᠠᠷᠭ᠎ᠠ ᠶᠢ ᠠᠪᠤᠭᠰᠠᠨ ᠮᠥᠷᠲᠡᠭᠡᠨ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠬᠠᠩᠰᠢ ᠶᠢᠨ ᠬᠤᠯᠪᠣᠭᠳᠠᠨ ᠬᠥᠳᠡᠯᠦᠯᠴᠡᠬᠦ ᠲᠣᠭᠲᠠᠴᠠ ᠶᠢ ᠪᠤᠢ ᠪᠣᠯᠭᠠᠨ᠂ ᠲᠦᠷᠢᠶᠡᠰᠦᠨ ᠮᠠᠰᠢᠨ ᠲᠡᠷᠭᠡᠨ ᠤ ᠪᠦᠲᠦᠴᠡ ᠶᠢᠨ ᠴᠢᠨᠠᠷᠲᠠᠶ ᠲᠡᠭᠡᠭᠡᠪᠦᠷᠢ ᠶᠢᠨ ᠦᠨ᠎ᠡ ᠬᠠᠩᠰᠢ ᠶᠢ ᠰᠢᠯᠢᠳᠡᠭᠵᠢᠭᠦᠯᠦᠨ ᠪᠦᠷᠢᠨᠰᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠳᠤ ᠥᠭᠡᠷᠡᠴᠢᠯᠡᠯᠲᠡ ᠬᠥᠭᠵᠢᠯᠲᠡ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号