ᠤᠩᠨᠢᠭᠤᠳ ᠪᠠᠭᠠᠷᠢᠨ ᠭᠦᠷᠰᠢ ᠬᠤᠰᠢᠭᠤᠨ ᠤ ᠮᠤᠩᠭᠤᠯ ᠣᠷᠠᠨ ᠪᠢᠴᠢᠯᠭᠡ ᠶᠢᠨ ᠰᠤᠶᠤᠯ ᠤᠨ ᠰᠤᠯᠢᠯᠴᠠᠭᠠᠨ ᠤ ᠡᠳᠦᠷᠯᠢᠭ ᠠᠮᠵᠢᠯᠲᠠ ᠲᠠᠢ ᠶᠠᠪᠣᠭᠳᠠᠪᠠ
ᠨᠡᠶᠢᠲᠡᠯᠡᠭᠰᠡᠨ ᠴᠠᠭ᠄
2017/10/24
   
    10 ᠰᠠᠷ᠎ᠠ ᠶᠢᠨ 21 ᠤ ᠡᠳᠦᠷ᠂ ᠤᠩᠨᠢᠭᠤᠳ ᠬᠤᠰᠢᠭᠤ ᠪᠣᠯᠣᠨ ᠪᠠᠭᠠᠷᠢᠨ ᠪᠠᠷᠠᠭᠤᠨ ᠬᠤᠰᠢᠭᠤᠨ ᠤ ᠮᠤᠩᠭᠤᠯ ᠣᠷᠠᠨ ᠪᠢᠴᠢᠯᠭᠡ ᠶᠢᠨ ᠰᠤᠶᠤᠯ ᠤᠨ ᠰᠤᠯᠢᠯᠴᠠᠭᠠᠨ ᠤ ᠠᠵᠢᠯᠯᠠᠭᠠᠨ ᠪᠣᠷᠣᠬᠤᠲᠠ ᠮᠤᠩᠭᠤᠯ ᠲᠣᠮᠳᠠᠲᠣ ᠰᠣᠷᠭᠠᠭᠤᠯᠢ ᠳᠤ ᠠᠮᠵᠢᠯᠲᠠ ᠲᠠᠢ ᠶᠠᠪᠣᠭᠳᠠᠪᠠ᠃     ᠪᠠᠭᠠᠷᠢᠨ ᠪᠠᠷᠠᠭᠤᠨ ᠬᠤᠰᠢᠭᠤᠨ ᠤ  ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ 14 ᠬᠡᠰᠢᠭᠦᠨ ᠤᠩᠨᠢᠭᠤᠳ ᠬᠤᠰᠢᠭᠤᠨ ᠤ ᠮᠤᠩᠭᠤᠯ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠣᠷᠢᠯᠠᠭ᠎ᠠ ᠪᠠᠷ ᠪᠣᠷᠣᠬᠤᠲᠠ ᠮᠤᠩᠭᠤᠯ ᠲᠣᠮᠲᠠᠲᠣ ᠰᠣᠷᠭᠠᠭᠤᠯᠢ ᠳᠤ ᠬᠦᠷᠴᠦ ᠮᠤᠩᠭᠤᠯ ᠣᠷᠠᠨ ᠪᠢᠴᠢᠯᠭᠡ ᠶᠢᠨ ᠬᠦᠭᠵᠢᠯᠲᠡ ᠶᠢᠨ ᠲᠤᠶᠢᠮᠣ᠂ ᠬᠤᠶᠢᠰᠢᠲᠠ ᠶᠢᠨ ᠲᠦᠰᠦᠪ ᠲᠦᠯᠦᠪᠯᠡᠭᠡ᠂ ᠬᠤᠶᠠᠷ ᠬᠤᠰᠢᠭᠤᠨ ᠤ ᠮᠤᠩᠭᠤᠯ ᠣᠷᠠᠨ ᠪᠢᠴᠢᠯᠭᠡ ᠶᠢᠨ ᠠᠵᠢᠯ ᠤᠨ ᠲᠣᠬᠠᠢ ᠴᠢᠯᠦᠭᠡᠲᠦ ᠶᠠᠷᠢᠯᠴᠠᠭ᠎ᠠ ᠦᠷᠨᠢᠭᠦᠯᠵᠣ᠂ ᠰᠠᠨᠠᠯ ᠪᠤᠳᠣᠯ ᠢᠶᠠᠨ ᠰᠤᠯᠢᠯᠴᠠᠨ ᠲᠣᠷᠰᠢᠯᠭ᠎ᠠ ᠪᠠᠨ ᠬᠤᠪᠢᠶᠠᠯᠴᠠᠭᠰᠠᠨ ᠤ ᠬᠠᠮᠲᠣ ᠪᠤᠷᠣᠬᠤᠲᠠ ᠮᠤᠩᠭᠤᠯ ᠲᠣᠮᠲᠠᠲᠣ ᠰᠣᠷᠭᠠᠭᠤᠯᠢ ᠶᠢᠨ ᠣᠷᠠᠨ ᠪᠢᠴᠢᠯᠭᠡ ᠶᠢᠨ ᠪᠤᠯᠪᠠᠰᠣᠷᠠᠯ ᠤᠨ ᠥᠷᠦᠭᠡ ᠳᠤ ᠲᠣᠬᠠᠢ ᠶᠢᠨ ᠲᠠᠯᠠᠪᠠᠢ ᠳᠤ ᠵᠢᠭᠠᠨ ᠵᠢᠯᠣᠭᠤᠲᠣᠯᠭ᠎ᠠ ᠬᠢᠭᠰᠡᠨ ᠪᠦᠭᠡᠳ ᠣᠯᠠᠨ ᠰᠠᠶᠢᠬᠠᠨ ᠪᠦᠲᠦᠭᠡᠯ ᠢᠶᠠᠨ ᠰᠣᠷᠭᠠᠭᠤᠯᠢ᠂ ᠪᠠᠭᠰᠢ ᠰᠣᠷᠣᠭᠴᠢᠳ ᠵᠢᠴᠢ ᠠᠵᠢᠯᠯᠠᠭᠠᠨ ᠳᠤ ᠣᠷᠣᠯᠴᠠᠭᠰᠠᠨ ᠬᠦᠮᠦᠰ ᠲᠤ ᠪᠡᠯᠡᠭᠯᠡᠭᠰᠡᠨ ᠪᠠᠶᠢᠨ᠎ᠠ᠃ ᠬᠤᠷᠠᠯ ᠳᠤ ᠪᠠᠰᠠ ᠣᠯᠠᠭᠠᠨᠬᠠᠳᠠ ᠬᠤᠲᠠ ᠶᠢᠨ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ ᠳᠡᠳ᠋ ᠳᠡᠷᠢᠭᠦᠯᠡᠭᠴᠢ ᠴᠤᠭᠵᠢᠯᠲᠣ ᠠᠪᠣᠭᠠᠢ ᠪᠣᠯᠣᠨ ᠡᠷᠳᠡᠮᠲᠦ ᠠᠪᠣᠭᠠᠢ ᠤᠷᠢᠭᠳᠠᠨ ᠤᠷᠤᠯᠴᠠᠵᠣ᠂ ᠡᠷᠬᠢᠮ ᠨᠠᠨᠳᠢᠨ ᠰᠠᠨᠠᠯ ᠵᠥᠪᠯᠡᠯᠭᠡ ᠪᠠᠨ ᠥᠭᠭᠦᠭᠰᠡᠨ ᠤ ᠬᠠᠮᠲᠣ ᠲᠣᠬᠠᠢ ᠶᠢᠨ ᠲᠠᠯᠠᠪᠠᠢ ᠳᠤ ᠣᠯᠠᠨ ᠰᠠᠶᠢᠬᠠᠨ ᠪᠦᠲᠦᠭᠡᠯ ᠪᠦᠲᠦᠭᠡᠵᠠᠢ᠃ ᠡᠭᠦᠨ ᠠᠴᠠ ᠭᠠᠳᠠᠨ᠎ᠠ ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ ᠬᠡᠰᠡᠭ ᠬᠡᠰᠢᠭᠦᠳ᠂ ᠪᠤᠷᠣᠬᠤᠲᠠ ᠮᠤᠩᠭᠤᠯ ᠲᠣᠮᠳᠠᠲᠣ ᠰᠣᠷᠭᠠᠭᠤᠯᠢ ᠶᠢᠨ ᠣᠷᠠᠨ ᠪᠢᠴᠢᠯᠭᠡ ᠳᠤ ᠲᠤᠷ᠎ᠠ ᠪᠠᠭ᠋ᠠᠲᠠᠢ ᠰᠣᠷᠣᠭᠴᠢᠳ ᠠᠵᠢᠯᠯᠠᠭᠠᠨ ᠳᠤ ᠤᠷᠣᠯᠴᠠᠭᠰᠠᠨ ᠪᠠᠶᠢᠨ᠎ᠠ᠃      ᠠᠵᠢᠯᠯᠠᠭᠠᠨ ᠳᠤ ᠤᠷᠣᠯᠴᠠᠭᠰᠠᠳ ᠪᠠᠰᠠ ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠤᠨ ᠬᠡᠰᠢᠭᠦᠳ ᠤᠨ ᠳᠠᠭᠠᠭᠤᠯᠭ᠎ᠠ ᠪᠠᠷ ᠦᠳᠡ ᠶᠢᠨ ᠬᠤᠸᠠ ᠪᠠᠯᠭᠠᠰᠣ ᠶᠢᠨ ᠭᠥᠸᠧ ᠭᠦᠩ ᠹᠦ᠋ ᠲᠤᠰᠬᠤᠨ ᠳᠤ ᠪᠠᠶᠢᠭ᠎ᠠ 13 ᠳ᠋ᠤᠭᠠᠷ ᠵᠠᠭᠤᠨ ᠤ ᠦᠶ᠎ᠡ ᠶᠢᠨ ᠮᠤᠩᠭᠤᠯ ᠦᠰᠦᠭ ᠢ ᠰᠡᠶᠢᠯᠣᠭ᠍ᠰᠡᠨ ᠵᠠᠩ ᠢᠩ ᠷᠦᠢ ᠶᠢᠨ ᠬᠦᠰᠢᠶᠡᠨ ᠪᠢᠴᠢᠭ᠂ ᠤᠩᠨᠢᠭᠤᠳ ᠬᠤᠰᠢᠭᠤᠨ ᠤ ᠮᠦᠵᠠᠢ ᠪᠤᠯᠣᠨ ᠵᠠᠩ ᠵᠢᠶᠦ᠋ᠨ ᠤ ᠡᠷᠲᠡᠨ ᠤ ᠡᠳ᠋ ᠥᠯᠦᠭ ᠤᠨ ᠮᠦᠵᠠᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠤᠪᠣᠷ ᠨᠠᠨᠳᠢᠨ ᠰᠤᠨᠢᠨ ᠭᠠᠶᠢᠬᠠᠮᠰᠢᠭᠲᠣ ᠵᠦᠢᠯᠡᠰ ᠢ ᠰᠣᠨᠢᠷᠬᠠᠵᠠᠭᠠᠭᠰᠠᠨ ᠪᠠᠶᠢᠨ᠎ᠠ᠃     ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡᠲᠡᠳ ᠤᠨ ᠨᠡᠶᠢᠭᠡᠮᠯᠢᠭ ᠨᠢ 2011 ᠣᠨ ᠤ ᠨᠠᠮᠣᠷ ᠪᠠᠶᠢᠭᠤᠯᠣᠭᠳᠠᠵᠣ᠂ ᠤᠳᠣᠬᠠᠨ ᠪᠤᠯᠲᠠᠯ᠎ᠠ ᠳᠠᠯᠠᠭᠠᠳ ᠬᠡᠰᠢᠭᠦᠨ ᠲᠠᠢ᠂ ᠪᠠᠶᠢᠭᠤᠯᠣᠭᠳᠠᠭᠰᠠᠨ ᠠᠴᠠ ᠨᠠᠰᠢ ᠨᠡᠶᠢᠭᠡᠮᠯᠢᠭ ᠤᠨ ᠭᠡᠰᠢᠭᠦᠳ ᠤᠩᠨᠢᠭᠤᠳ ᠬᠤᠰᠢᠭᠤᠨ ᠤ ᠮᠤᠩᠭᠤᠯ ᠣᠷᠠᠨ ᠪᠢᠴᠢᠯᠭᠡ ᠶᠢ ᠬᠡᠷᠬᠢᠨ ᠬᠦᠭᠵᠢᠭᠦᠯᠬᠦ ᠳᠤ ᠰᠠᠨᠠᠭ᠎ᠠ ᠬᠦᠴᠦᠨ ᠢᠶᠠᠨ ᠲᠠᠯᠪᠢᠵᠣ᠂ ᠢᠯᠠᠩᠭᠤᠶ᠎ᠠ ᠮᠤᠩᠭᠤᠯ ᠣᠷᠠᠨ ᠪᠢᠴᠢᠯᠭᠡ ᠶᠢ ᠰᠣᠷᠭᠠᠭᠤᠯᠢ ᠶᠢᠨ ᠬᠦᠷᠢᠶᠠᠨ ᠳᠤ ᠣᠷᠣᠭᠤᠯᠬᠤ ᠶᠢ ᠠᠵᠢᠯ ᠤᠨ ᠢᠶᠠᠨ ᠭᠤᠣᠯᠳᠠᠯᠭ᠎ᠠ ᠪᠣᠯᠭᠠᠨ ᠠᠳᠬᠤᠵᠣ ᠢᠷᠡᠭᠰᠡᠨ ᠶᠤᠮ᠃ ᠤᠳᠤᠬᠠᠨ ᠳᠤ ᠪᠤᠷᠣᠬᠤᠲᠠ ᠮᠤᠩᠭᠤᠯ ᠲᠣᠮᠲᠠᠲᠣ ᠰᠣᠷᠭᠠᠭᠤᠯᠢ ᠨᠢ ᠮᠤᠩᠭᠤᠯ ᠣᠷᠠᠨ ᠪᠢᠴᠢᠯᠭᠡ ᠶᠢᠨ ᠲᠤᠷ᠎ᠠ  ᠪᠠᠭ᠋ᠠᠲᠠᠳ ᠤᠨ ᠠᠩᠭᠢ ᠳ᠋ᠭᠠᠨ ᠬᠤᠷᠢᠭᠠᠳ ᠰᠣᠷᠣᠭᠴᠢ ᠲᠠᠢ ᠪᠠᠷ ᠪᠠᠷᠠᠬᠤ ᠦᠭᠡᠢ ᠮᠣᠩᠭᠤᠯ ᠣᠷᠠᠨ ᠪᠢᠴᠢᠯᠭᠡ ᠶᠢᠨ ᠲᠣᠰᠬᠠᠢ ᠮᠡᠷᠭᠡᠵᠢᠯ ᠢᠶᠠᠷ ᠶᠡᠭᠡ ᠰᠣᠷᠭᠠᠭᠤᠯᠢ ᠳᠤ ᠰᠢᠯᠭᠠᠬᠤ ᠰᠣᠷᠣᠭᠴᠢᠳ ᠲᠤ ᠵᠤᠷᠢᠭᠤᠯᠣᠭᠰᠠᠨ ᠲᠣᠰᠬᠠᠢ ᠮᠡᠷᠭᠡᠵᠢᠯ ᠤᠨ ᠠᠩᠭᠢ ᠭᠠᠷᠭᠠᠭᠰᠠᠨ ᠪᠠᠶᠢᠨ᠎ᠠ᠃ ᠲᠣᠰᠬᠠᠢ ᠮᠡᠷᠭᠡᠵᠢᠯ ᠤᠨ ᠠᠩᠭᠢ ᠨᠢ ᠭᠠᠷᠠᠭ ᠤᠨ ᠨᠢᠭᠡᠨ᠂ ᠭᠤᠷᠪᠠᠨ᠂ ᠲᠠᠪᠣᠨ ᠤ ᠣᠷᠣᠢ ᠶᠢᠨ ᠳᠠᠪᠲᠠᠯᠭ᠎ᠠ ᠪᠣᠯᠣᠨ ᠡᠳᠦᠷ ᠪᠤᠯᠭᠠᠨ ᠤ ᠨᠠᠢᠮᠠᠲᠣᠭᠠᠷ ᠬᠢᠴᠢᠶᠡᠯ ᠳᠤ ᠬᠢᠴᠢᠶᠡᠯᠡᠯᠭᠡ ᠬᠢᠵᠣ᠂ ᠲᠤᠷ᠎ᠠ ᠪᠠᠭ᠋ᠠᠲᠠᠳ ᠤᠨ ᠠᠩᠭᠢ ᠨᠢ ᠭᠠᠷᠠᠭ ᠤᠨ ᠲᠠᠪᠣᠨ ᠤ ᠣᠷᠣᠢ ᠶᠢᠨ ᠲᠠᠪᠲᠠᠯᠭ᠎ᠠ ᠳᠤ ᠬᠢᠴᠢᠶᠡᠯᠡᠯᠭᠡ ᠬᠢᠳᠡᠭ᠃                                                                                                 ᠳᠤᠷᠣᠨ᠎ᠠ ᠰᠤᠷᠪᠦᠯᠵᠢᠯᠠᠨ ᠮᠡᠳᠡᠭᠡᠯᠡᠪᠠ
 
ᠢᠷᠡᠯᠲᠡ᠄ ᠣᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号