ᠦᠨᠦ ᠵᠢᠯ ᠦᠪᠦᠷ ᠮᠣᠩᠭᠤᠯ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠠᠢ ᠪᠦᠲᠦᠭᠡᠭᠲᠡᠬᠦᠨ ᠢ ᠪᠦᠷᠢᠳᠭᠡᠬᠦ ᠠᠵᠢᠯ ᠢ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/10/25
     ᠰᠤᠷᠪᠤᠯᠵᠢᠯᠠᠭᠴᠢ 11᠎ ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠮᠠᠰᠢᠨ ᠲᠦᠬᠡᠮᠡᠯᠵᠢᠬᠦᠯᠦᠨ ᠳᠡᠯᠭᠡᠷᠡᠭᠦᠯᠬᠦ ᠦᠷᠲᠡᠭᠡᠨ ᠠᠴᠠ ᠤᠶᠢᠯᠠᠭᠠᠭᠰᠠᠨ ᠢᠶᠠᠷ᠂ ᠦᠨᠦ ᠵᠢᠯ ᠦᠪᠦᠷ ᠮᠣᠩᠭᠤᠯ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠠᠢ ᠪᠦᠲᠦᠭᠡᠭᠲᠡᠬᠦᠨ ᠢ ᠪᠦᠷᠢᠳᠭᠡᠬᠦ ᠠᠵᠢᠯ ᠢ 9 ᠰᠠᠷ᠎ᠠ ᠶᠢᠨ ᠰᠡᠭᠦᠯᠴᠢ ᠳᠤ ᠠᠮᠵᠢᠯᠲᠠ ᠲᠠᠢ ᠪᠡᠶᠡᠯᠡᠭᠦᠯᠪᠡ᠂ ᠡᠨᠡᠬᠦ ᠠᠵᠢᠯ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠳᠤ ᠰᠠᠭᠤᠷᠢ ᠲᠠᠯᠪᠢᠪᠠ᠃     ᠲᠤᠰ ᠤᠳᠠᠭᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠠᠢ ᠪᠦᠲᠦᠭᠡᠭᠲᠡᠬᠦᠨ ᠢ ᠪᠦᠷᠢᠳᠭᠡᠬᠦ ᠠᠵᠢᠯ 3 ᠰᠠᠷ᠎ᠠ ᠠᠴᠠ ᠡᠬᠢᠯᠡᠨ 9 ᠰᠠᠷ᠎ᠠ ᠶᠢᠨ ᠰᠡᠭᠦᠯᠴᠢ ᠪᠠᠷ ᠳᠠᠭᠤᠰᠴᠠᠢ᠃ ᠡᠨᠡᠬᠦ ᠬᠤᠭᠤᠴᠠᠭᠠᠨ ᠳᠤ ᠦᠪᠦᠷ ᠮᠣᠩᠭᠤᠯ ᠨᠡᠶᠢᠲᠡ ᠲᠦᠷᠪᠡᠨ ᠡᠭᠡᠯᠵᠢ ᠶᠢᠨ ᠨᠦᠬᠦᠪᠦᠷᠢ ᠲᠠᠢ ᠪᠦᠲᠦᠭᠡᠭᠲᠡᠬᠦᠨ ᠢ ᠪᠦᠷᠢᠳᠭᠡᠪᠠ᠂ ᠡᠭᠦᠨ ᠳᠤ ᠲᠦᠪ ᠤᠨ ᠬᠦᠷᠦᠩᠭᠡ ᠮᠦᠩᠭᠦᠨ ᠤ ᠨᠦᠬᠦᠪᠦᠷᠢ ᠲᠠᠢ ᠪᠦᠲᠦᠭᠡᠭᠲᠡᠬᠦᠨ ᠢ ᠭᠤᠷᠪᠠ ᠤᠳᠠᠭ᠎ᠠ ᠪᠦᠷᠢᠳᠭᠡᠵᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠷᠦᠩᠭᠡ ᠮᠦᠩᠭᠦᠨ ᠤ ᠨᠦᠬᠦᠪᠦᠷᠢ ᠲᠠᠢ ᠪᠦᠲᠦᠭᠡᠭᠲᠡᠬᠦᠨ ᠢ ᠨᠢᠭᠡ ᠤᠳᠠᠭ᠎ᠠ ᠪᠦᠷᠢᠳᠭᠡᠭᠰᠡᠨ ᠪᠠᠶᠢᠨ᠎ᠠ᠃ ᠲᠦᠷᠪᠡ ᠤᠳᠠᠭᠠᠨ ᠤ ᠪᠦᠷᠢᠳᠭᠡᠬᠦ ᠪᠠᠷ ᠳᠠᠮᠵᠢᠨ 1200 ᠤᠷᠴᠢᠮ ᠠᠵᠤ ᠠᠬᠤᠶᠢᠯᠠᠯ ᠠᠴᠠ 10000 ᠪᠦᠲᠦᠭᠡᠭᠲᠡᠬᠦᠨ ᠢ ᠮᠡᠳᠡᠭᠦᠯᠪᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号