ᠥᠪᠥᠷ ᠮᠣᠩᠭᠤᠯ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠲᠦᠯᠬᠢᠨ ᠠᠬᠢᠭᠤᠯᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2017/10/26
     10 ᠳ᠋ᠤᠭᠠᠷ ᠰᠠᠷ᠎ᠠ ᠶᠢᠨ 21᠎ ᠤ ᠡᠳᠦᠷ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠬᠢᠲᠠᠳ ᠡᠮ ᠡᠮᠨᠡᠯᠭᠡ ᠶᠢᠨ ᠳᠤᠮᠳᠠᠳᠤ ᠤᠯᠤᠰ ᠤᠨ ᠠᠶᠠᠯᠠᠯ︾ — ᠬᠢᠲᠠᠳ ᠡᠮ ᠡᠮᠨᠡᠯᠭᠡ ᠶᠢᠨ ᠰᠣᠶᠣᠯ ᠢ ᠲᠦᠯᠬᠢᠨ ᠠᠬᠢᠭᠤᠯᠬᠤ ᠠᠵᠢᠯᠯᠠᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠥᠬᠡᠬᠤᠲᠠ ᠳᠤ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠲᠦᠯᠬᠢᠨ ᠠᠬᠢᠭᠤᠯᠬᠤ ᠠᠵᠢᠯᠯᠠᠭ᠎ᠠ ᠶᠢ ᠡᠬᠢᠯᠡᠭᠦᠯᠪᠡ᠃     ᠲᠤᠰ ᠠᠵᠢᠯᠯᠠᠭ᠎ᠠ ᠨᠢ ︽ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠬᠦ᠂ ᠠᠷᠠᠳ ᠤᠯᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ︾᠎ ᠪᠠᠷ ᠭᠤᠣᠯ ᠰᠡᠳᠦᠪ ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠮᠡᠳᠡᠯᠭᠡ ᠪᠠ ᠠᠷᠭ᠎ᠠ ᠶᠢ ᠲᠦᠭᠡᠮᠡᠯᠵᠢᠭᠦᠯᠵᠤ᠂ ᠠᠷᠠᠳ ᠤᠯᠠᠨ ᠢ ᠡᠷᠡᠭᠦᠯ ᠮᠡᠨᠳᠦ ᠠᠵᠤ ᠠᠮᠢᠳᠤᠷᠠᠯ ᠤᠨ ᠵᠠᠩ ᠳᠠᠳᠬᠠᠯ ᠲᠠᠢ ᠪᠣᠯᠭᠠᠬᠤ ᠶᠢ ᠠᠬᠢᠭᠤᠯᠵᠤ᠂ ᠠᠷᠠᠳ ᠢᠷᠭᠡᠨ ᠤ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠪᠣᠯᠪᠠᠰᠤᠷᠠᠯ ᠢ ᠳᠡᠭᠡᠭᠰᠢᠯᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ︽ᠦᠨᠡᠨᠴᠢ ᠤᠲᠠᠴᠢ︾᠎ ᠶᠢᠨ ᠣᠨᠣᠯᠵᠢᠬᠤᠨ ᠢ ᠤᠯᠠᠮᠵᠢᠯᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠭᠤᠣᠯᠯᠠᠭᠴᠢ ᠥᠷᠲᠡᠭ ᠤᠨ ᠦᠵᠡᠯᠲᠡ ᠶᠢᠨ ᠣᠨᠣᠯᠵᠢᠬᠤᠨ ᠤ ᠲᠤᠬᠠᠢ ᠨᠡᠶᠢᠭᠡᠮ ᠨᠡᠶᠢᠲᠡ ᠶᠢᠨ ᠲᠠᠨᠢᠯᠲᠠ ᠪᠠ ᠵᠥᠪᠰᠢᠶᠡᠷᠡᠯ ᠢ ᠨᠡᠮᠡᠭᠳᠡᠭᠦᠯᠦᠨ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠯᠤᠰ ᠤᠨ ᠳᠣᠲᠣᠭᠠᠳᠤ ᠭᠠᠳᠠᠭᠠᠳᠤ ᠳᠠᠬᠢ ᠨᠥᠯᠥᠭᠡᠯᠡᠬᠦ ᠬᠦᠴᠦᠨ ᠢ ᠥᠷᠭᠡᠳᠬᠡᠬᠦ ᠪᠠᠷ ᠠᠵᠢᠯᠯᠠᠭᠠᠨ ᠤ ᠬᠠᠷᠠᠯᠲᠠ ᠪᠠᠨ ᠪᠣᠯᠭᠠᠵᠠᠢ     ᠠᠵᠢᠯᠯᠠᠭᠠᠨ ᠤ ᠭᠤᠣᠯ ᠡᠭᠦᠷᠭᠡ ᠪᠣᠯ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠢ ᠲᠦᠯᠬᠢᠨ ᠠᠬᠢᠭᠤᠯᠬᠤ ᠲᠠᠪᠴᠠᠩ ᠢ ᠴᠣᠭᠴᠠᠯᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠤᠨ ᠮᠡᠳᠡᠯᠭᠡ ᠶᠢᠨ ᠪᠣᠯᠣᠩ ᠢ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠰᠤᠷᠭᠠᠭᠤᠯᠢ ᠳᠤ ᠤᠷᠤᠭᠤᠯᠬᠤ ᠠᠵᠢᠯᠯᠠᠭ᠎ᠠ ᠶᠢ ᠬᠡᠷᠡᠭᠵᠢᠭᠦᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠲᠠᠯᠠᠪᠠᠢ ᠣᠷᠳᠣᠨ ᠢ ᠪᠠᠶᠢᠭᠤᠯᠤᠨ᠎ᠠ︔ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠪᠣᠯᠪᠠᠰᠤᠷᠠᠯ ᠤᠨ ᠪᠠᠶᠢᠴᠠᠭᠠᠯᠲᠠ ᠪᠠ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠪᠦᠲᠦᠭᠡᠯ ᠢ ᠵᠣᠬᠢᠶᠠᠨ ᠪᠦᠲᠦᠭᠡᠬᠦ ᠳᠡᠯᠭᠡᠷᠡᠭᠦᠯᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃     ᠲᠣᠰ ᠡᠳᠦᠷ᠂ ᠠᠵᠢᠯᠯᠠᠭ᠎ᠠ ᠶᠢᠨ ᠬᠠᠮᠵᠢᠨ ᠡᠷᠬᠢᠯᠡᠬᠦ ᠲᠠᠯ᠎ᠠ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤᠰ ᠳᠤᠰ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠪᠠᠰᠠ ᠵᠢᠯ ᠳᠤ ᠨᠢᠭᠡ ᠤᠳᠠᠭ᠎ᠠ ᠶᠠᠪᠤᠭᠳᠠᠭᠤᠯᠳᠠᠭ ᠰᠦᠢᠳᠬᠡᠯ ᠬᠤᠷᠢᠶᠠᠬᠤ ᠦᠭᠡᠶ ᠬᠠᠨᠳᠠ ᠬᠡᠷᠡᠭᠯᠡᠭᠦᠯᠬᠦ ᠠᠵᠢᠯᠯᠠᠭ᠎ᠠ ᠦᠷᠨᠢᠭᠦᠯᠵᠦ᠂ ᠣᠷᠣᠨ ᠤ ᠲᠥᠪ ᠤᠨ ᠮᠠᠰᠢ ᠤᠯᠠᠨ ᠡᠪᠡᠳᠴᠢᠲᠡᠨ ᠤ ᠠᠩᠬᠠᠷᠤᠯ ᠢ ᠲᠠᠲᠠᠪᠠ᠃     ︽ᠬᠢᠲᠠᠳ ᠡᠮ ᠡᠮᠨᠡᠯᠭᠡ ᠶᠢᠨ ᠳᠤᠮᠳᠠᠳᠤ ᠤᠯᠤᠰ ᠤᠨ ᠠᠶᠠᠯᠠᠯ︾᠎ ᠤᠨ ᠠᠵᠢᠯᠯᠠᠭ᠎ᠠ ᠪᠣᠯ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ 22 ᠶᠠᠮᠤᠨ ᠬᠤᠷᠢᠶ᠎ᠠ ᠯᠤᠭ᠎ᠠ 2007 ᠣᠨ ᠠᠴᠠ ᠨᠠᠰᠢᠬᠢ ᠬᠠᠮᠲᠤᠷᠠᠨ ᠡᠷᠭᠢᠯᠡᠭᠰᠡᠨ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠮᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号