ᠡᠳᠦᠷ ᠪᠦᠷᠢ ᠶᠢᠨ ᠬᠠᠮᠤᠭ ᠤᠨ ᠲᠤᠬᠢᠷᠠᠮᠵᠢᠲᠠᠢ ᠠᠵᠢᠯᠯᠠᠵᠤ ᠠᠮᠠᠷᠠᠬᠤ ᠴᠠᠭ
ᠨᠡᠶᠢᠲᠡᠯᠡᠭᠰᠡᠨ ᠴᠠᠭ᠄
2017/10/26
    ᠶᠠᠫᠤᠨ ᠤ ᠰᠤᠳᠤᠯᠭᠠᠳᠠᠳ ᠤᠨ ᠢᠯᠡᠷᠡᠬᠦᠯᠦᠭᠰᠡᠨ ᠢᠶᠠᠷ᠂ ᠦᠳᠡ ᠶᠢᠨ ᠤᠨᠳᠠᠯᠭ᠎ᠠ 40 ᠮᠢᠨᠦ᠋ᠲ ᠠᠴᠠ ᠬᠡᠳᠦᠷᠡᠪᠡᠯ ᠵᠢᠷᠦᠬᠡ ᠶᠢ ᠠᠮᠠᠷᠬᠠᠨ ᠬᠡᠮᠳᠦᠬᠡᠬᠦ ᠪᠤᠯᠤᠯᠴᠠᠭ᠎ᠠ ᠲᠠᠢ︔ ᠠᠮᠧᠷᠢᠺᠠ ᠶᠢᠨ ᠰᠢᠨᠵᠢᠯᠡᠬᠦ ᠤᠬᠠᠭᠠᠨᠳᠠᠳ ᠤᠨ ᠢᠯᠡᠷᠡᠬᠦᠯᠦᠭᠰᠡᠨ ᠢᠶᠠᠷ᠂ ᠤᠷᠤᠢ ᠤᠨᠳᠠᠬᠤ ᠨᠢ ᠴᠡᠬᠡᠵᠢᠯᠡᠬᠦᠢ ᠶᠢᠨ ᠴᠢᠳᠠᠪᠤᠷᠢ ᠶᠢ ᠨᠦᠯᠦᠬᠡᠯᠡᠨ᠎ᠡ ᠬᠡᠬᠦ ᠮᠡᠳᠦ ᠪᠠᠷ ᠤᠯᠠᠨ ᠰᠤᠳᠤᠯᠭᠠᠨ ᠳᠤ ᠢᠯᠡᠷᠡᠬᠦᠯᠵᠦ ᠦᠩᠬᠡᠷᠡᠪᠡ᠃ ᠡᠳᠦᠷ ᠪᠦᠷᠢ ᠶᠢᠨ ᠠᠯᠢ ᠴᠠᠭ ᠲᠤ ᠶᠠᠭᠤ ᠬᠢᠪᠠᠯ ᠬᠠᠮᠤᠭ ᠤᠨ ᠲᠤᠬᠢᠷᠠᠮᠵᠢᠳᠠᠢ ᠬᠡᠳᠡᠭ ᠢ ᠬᠡᠨ ᠴᠤ ᠠᠩᠬᠠᠷᠤᠯ ᠳᠠᠭᠠᠨ ᠠᠪᠤᠬᠰᠠᠨ ᠦᠬᠡᠢ ᠪᠠᠶᠢᠬ᠎ᠠ᠂ ᠠᠮᠧᠷᠢᠺᠠ ᠶᠢᠨ ᠵᠠᠭᠤᠴᠢᠯᠠᠭᠤᠷ ᠤᠨ ᠬᠢᠨ ᠡᠬᠦᠨ ᠳᠤ ᠵᠤᠷᠢᠭᠤᠯᠵᠤ ᠬᠠᠮᠤᠭ ᠤᠨ ᠲᠤᠬᠢᠷᠠᠮᠵᠢᠳᠠᠢ ᠠᠵᠢᠯᠯᠠᠵᠤ ᠠᠮᠠᠷᠠᠬᠤ ᠴᠠᠭ ᠤᠨ ᠪᠠᠷᠢᠮᠵᠢᠶ᠎ᠠ ᠶᠢ ᠨᠡᠶᠢᠳᠡᠯᠡᠪᠡ᠃
    7᠄ 30 ᠴᠠᠭ᠃ ᠪᠤᠰᠤᠨ᠎ᠠ︔ ᠠᠩᠭ᠍ᠯᠢ ᠶᠢᠨ ᠸᠠᠨᠢᠰᠲᠧ ᠶᠡᠭᠡ ᠰᠤᠷᠭᠠᠭᠤᠯᠢ ᠶᠢᠨ ᠰᠤᠳᠤᠯᠭᠠᠳᠠᠳ ᠤᠨ ᠢᠯᠡᠷᠡᠬᠦᠯᠦᠭᠰᠡᠨ ᠢᠶᠠᠷ᠂ ᠦᠷᠯᠦᠬᠡ ᠶᠢᠨ 5᠄ 22 ~ 7᠄ 21 ᠴᠠᠭ ᠲᠤ ᠪᠤᠰᠳᠠᠭ ᠬᠦᠮᠦᠰ ᠵᠢᠷᠦᠬᠡᠨ ᠡᠪᠡᠳᠴᠢᠨ ᠳᠤ ᠨᠡᠷᠪᠡᠭᠳᠡᠬᠦ ᠪᠤᠯᠤᠮᠵᠢ ᠦᠨᠳᠦᠷ︔ 7᠄ 21 ᠴᠠᠭ ᠠᠴᠠ ᠬᠤᠶᠢᠨ᠎ᠠ ᠪᠤᠰᠬᠤ ᠨᠢ ᠪᠡᠶ᠎ᠡ ᠶᠢᠨ ᠡᠷᠡᠬᠦᠯ ᠮᠡᠨᠳᠦ ᠳᠤ ᠨᠡᠩ ᠰᠠᠶᠢᠨ ᠪᠠᠶᠢᠳᠠᠭ᠃ ᠪᠤᠰᠤᠮᠠᠬᠴᠠ ᠪᠠᠨ ᠨᠢᠬᠡ ᠴᠤᠮᠤ ᠪᠤᠴᠠᠯᠤᠬᠰᠠᠨ ᠤᠰᠤ ᠶᠢ ᠬᠦᠷᠤᠬᠡᠬᠡᠳ ᠤᠤᠭᠤᠭᠠᠷᠠᠢ᠂ ᠡᠨᠡ ᠨᠢ ᠨᠢᠬᠡ ᠰᠦᠨᠢ ᠶᠢᠨ ᠬᠤᠭᠤᠷᠤᠨᠳᠤ ᠬᠡᠷᠡᠭᠰᠡᠭᠰᠡᠨ ᠤᠰᠤ ᠶᠢ ᠨᠦᠬᠦᠪᠦᠷᠢᠯᠡᠵᠦ ᠲᠡᠶᠢᠯᠦᠨ᠎ᠡ᠃     7᠄ 30 ~ 8᠄ 00 ᠴᠠᠭ᠃ ᠦᠷᠯᠦᠬᠡ ᠶᠢᠨ ᠬᠤᠭᠤᠯᠠ ᠪᠠᠨ ᠢᠳᠡᠬᠦ ᠠᠴᠠ ᠡᠮᠦᠨ᠎ᠡ ᠰᠢᠳᠦ ᠪᠠᠨ ᠱᠤᠸᠠᠵᠠᠳᠠᠭᠠᠷᠠᠢ᠃ ᠰᠢᠳᠦ ᠱᠤᠸᠠᠵᠠᠳᠠᠬᠰᠠᠨ ᠤ ᠲᠠᠷᠠᠭ᠎ᠠ ᠰᠢᠳᠦᠨ ᠤ ᠭᠠᠳᠠᠭᠤᠷ ᠲᠠᠪᠬᠤᠷᠭ᠎ᠠ ᠳᠤ ᠹᠯᠤᠷ ᠪᠦᠷᠬᠦᠵᠤ ᠰᠢᠳᠦᠨ ᠤ ᠢᠯᠵᠢᠷᠡᠵᠦ ᠢᠳᠡᠭᠳᠡᠬᠦ ᠶᠢ ᠰᠡᠷᠬᠡᠶᠢᠯᠡᠵᠦ ᠲᠡᠶᠢᠯᠦᠨ᠎ᠡ᠃     8᠄ 00 ~ 8᠄ 30 ᠴᠠᠭ᠃ ᠦᠷᠯᠦᠬᠡ ᠶᠢᠨ ᠬᠤᠭᠤᠯᠠ ᠪᠠᠨ ᠢᠳᠡᠬᠡᠷᠡᠢ᠃ ᠦᠷᠯᠦᠬᠡ ᠶᠢᠨ ᠬᠤᠭᠤᠯᠠ ᠢᠳᠡᠬᠦ ᠨᠢ ᠴᠢᠰᠦᠨ ᠰᠢᠬᠢᠷ ᠤᠨ ᠬᠡᠮᠵᠢᠶ᠎ᠠ ᠶᠢ ᠲᠤᠬᠳᠠᠭᠤᠨ ᠪᠠᠶᠢᠯᠭᠠᠬᠤ ᠵᠡᠷᠬᠡ ᠤᠯᠠᠨ ᠵᠦᠢᠯ ᠤᠨ ᠰᠠᠶᠢᠨ ᠲᠠᠢ ᠲᠠᠯ᠎ᠠ ᠪᠤᠢ᠃     8᠄ 30 ~ 9᠄ 00 ᠴᠠᠭ᠃ ᠰᠢᠷᠦᠬᠦᠨ ᠲᠠᠮᠢᠷ ᠤᠨ ᠬᠦᠳᠡᠯᠬᠡᠬᠡᠨ ᠬᠢᠬᠦ ᠶᠢ ᠲᠡᠪᠴᠢᠬᠡᠷᠡᠢ᠃ ᠡᠨᠡᠬᠦ ᠬᠡᠰᠡᠭ ᠬᠤᠭᠤᠴᠠᠭᠠᠨ ᠳᠤ  ᠦᠯᠦ ᠬᠠᠯᠳᠠᠭᠠᠬᠤ ᠰᠢᠰᠲ᠋ᠧᠮ ᠤᠨ ᠴᠢᠳᠠᠪᠬᠢ ᠬᠠᠮᠤᠭ ᠤᠨ ᠪᠠᠭᠤᠷᠠᠢ ᠦᠶ᠎ᠡ ᠳᠡᠭᠡᠨ ᠪᠠᠶᠢᠵᠤ᠂ ᠦᠷᠯᠦᠬᠡ ᠡᠷᠳᠡ ᠰᠢᠷᠦᠬᠦᠨ ᠬᠦᠳᠡᠯᠬᠡᠬᠡᠨ ᠬᠢᠪᠡᠯ ᠠᠮᠠᠷᠬᠠᠨ ᠡᠪᠡᠳᠴᠢᠨ ᠬᠠᠯᠳᠠᠭᠠᠬᠤ ᠪᠤᠯᠤᠮᠵᠢ ᠪᠤᠢ᠃ ᠬᠠᠮᠤᠭ ᠤᠨ ᠲᠤᠬᠢᠷᠠᠮᠵᠢᠳᠠᠢ ᠨᠢ ᠠᠯᠬᠤᠭᠠᠳ ᠠᠵᠢᠯ ᠳᠠᠭᠠᠨ ᠭᠠᠷᠤᠭᠠᠷᠠᠢ᠃ ᠡᠳᠦᠷ ᠪᠦᠷᠢ ᠰᠠᠭᠤᠭᠠᠳ ᠬᠦᠳᠡᠯᠬᠦ ᠲᠤᠷ᠎ᠠ ᠦᠬᠡᠢ ᠬᠦᠮᠦᠰ ᠢ ᠪᠤᠳᠤᠪᠠᠯ ᠠᠯᠬᠤᠬᠤ ᠬᠦᠳᠡᠯᠬᠡᠬᠡᠨ ᠠᠷᠪᠢᠨ ᠬᠢᠳᠡᠭ ᠬᠦᠮᠦᠰ ᠤᠨ ᠲᠠᠬᠰᠢᠭᠤᠷ ᠲᠤ ᠨᠡᠷᠪᠡᠭᠳᠡᠬᠦ ᠨᠤᠷᠮ᠎ᠠ 25% ᠢᠶᠠᠷ ᠲᠤᠤᠷ᠎ᠠ ᠪᠠᠶᠢᠳᠠᠭ᠃     9᠄ 30 ᠴᠠᠭ᠃ ᠡᠨᠡ ᠦᠶᠡᠰ ᠬᠠᠮᠤᠭ ᠤᠨ ᠬᠦᠴᠢᠷᠳᠡᠢ ᠠᠵᠢᠯ ᠢᠶᠠᠨ ᠬᠢᠬᠡᠬᠡᠷᠡᠢ᠃ ᠤᠴᠢᠷ ᠨᠢ ᠬᠦᠮᠦᠨ ᠦᠷᠯᠦᠬᠡ ᠰᠡᠷᠢᠭᠰᠡᠨ ᠤ ᠲᠠᠷᠠᠭᠠᠬᠢ ᠨᠢᠬᠡ ᠠᠴᠠ ᠬᠤᠶᠡᠷ ᠴᠠᠭ ᠤᠨ ᠬᠤᠭᠤᠷᠤᠨᠳᠦ ᠲᠡᠷᠢᠬᠢ ᠬᠠᠮᠤᠭ ᠤᠨ ᠰᠡᠴᠡᠨ ᠰᠡᠷᠬᠦᠯᠡᠩ ᠦᠶ᠎ᠡ ᠳᠡᠭᠡᠨ ᠪᠠᠶᠢᠳᠠᠭ᠃     10᠄ 30 ᠴᠠᠭ᠃ ᠨᠢᠳᠦ ᠪᠠᠨ ᠠᠮᠠᠷᠠᠭᠤᠯᠤᠨ᠎ᠠ᠃ ᠬᠡᠷᠪᠡ ᠲᠠ ᠺᠤᠮᠫᠢᠦ᠋ᠲ᠋ᠧᠷ ᠢᠶᠠᠷ ᠠᠵᠢᠯᠯᠠᠳᠠᠭ ᠪᠤᠯ ᠨᠢᠬᠡ ᠴᠠᠭ ᠠᠵᠢᠯᠯᠠᠬᠤ ᠪᠦᠷᠢ 3 ᠮᠢᠨᠦ᠋ᠲ ᠨᠢᠳᠦ ᠪᠠᠨ ᠠᠮᠠᠷᠠᠭᠤᠯᠵᠤ ᠪᠠᠶᠢᠭᠠᠷᠠᠢ᠃    11᠄ 00 ᠴᠠᠭ᠃ ᠰᠢᠨ᠎ᠡ ᠰᠤᠷᠭᠤᠭ ᠵᠢᠮᠢᠰ ᠢᠳᠡᠨ᠎ᠡ᠃ ᠪᠡᠶᠡᠨ ᠳᠠᠬᠢ ᠴᠢᠰᠦᠨ ᠰᠢᠬᠢᠷ ᠤᠨ ᠬᠡᠮᠵᠢᠶ᠎ᠡ ᠪᠠᠭᠤᠷᠠᠬᠤ ᠶᠢ ᠰᠡᠷᠬᠡᠶᠢᠯᠡᠵᠦ ᠲᠡᠶᠢᠯᠦᠨ᠎ᠡ᠃ ᠵᠦᠷᠵᠢ ᠪᠤᠶᠤ ᠤᠯᠠᠭᠠᠨ ᠦᠩᠬᠡ ᠲᠠᠢ ᠵᠢᠮᠢᠰ ᠠᠴᠠ ᠨᠢᠬᠡ ᠶᠢ ᠢᠳᠡᠬᠡᠷᠡᠢ ᠂ ᠲᠡᠮᠦᠷ ᠨᠦᠬᠦᠪᠦᠷᠢᠯᠡᠬᠦ ᠪᠦᠬᠡᠳ ᠸᠠᠲ᠋ᠠᠮᠢᠨ C ᠨᠦᠬᠦᠪᠦᠷᠢᠯᠡᠨ᠎ᠡ᠃     13᠄ 00 ᠴᠠᠭ᠃ ᠪᠤᠷᠴᠠᠭ ᠤᠨ ᠵᠦᠢᠯ ᠠᠴᠠ ᠢᠳᠡᠬᠡᠷᠡᠢ᠃ ᠪᠤᠷᠴᠠᠭ ᠤᠨ ᠵᠦᠢᠯ ᠨᠢ ᠡᠨᠧᠷᠬᠢ ᠶᠢ ᠵᠠᠳᠠᠷᠠᠭᠤᠯᠵᠤ᠂ ᠰᠢᠩᠬᠡᠬᠡᠯᠳᠡ ᠳᠤ ᠰᠠᠶᠢᠨ ᠪᠠᠶᠢᠳᠠᠭ᠃    14᠄ 30~15᠄ 30 ᠴᠠᠭ᠃ ᠦᠳᠡ ᠶᠢᠨ ᠠᠮᠠᠷᠠᠯᠳᠠ ᠪᠤᠯᠤᠨ᠎ᠠ᠃ ᠡᠳᠦᠷ ᠪᠦᠷᠢ 30 ᠮᠢᠨᠦ᠋ᠲ᠂ ᠭᠠᠷᠠᠭ ᠲᠤ ᠬᠠᠮᠤᠭ ᠤᠨ ᠪᠠᠭ᠎ᠠ ᠳᠠᠭᠠᠨ ᠭᠤᠷᠪᠠ ᠤᠳᠠᠭ᠎ᠠ ᠦᠳᠡ ᠳᠤ ᠠᠮᠠᠷᠠᠪᠠᠯ ᠵᠢᠷᠦᠬᠡᠨ ᠡᠪᠡᠳᠴᠢᠨ ᠢᠶᠠᠷ ᠡ᠊ᠨᠳᠡᠬᠦ ᠨᠤᠷᠮ᠎ᠠ ᠶᠢ 37% ᠢᠶᠠᠷ ᠪᠠᠭᠠᠰᠬᠠᠳᠠᠭ᠃     16᠄ 00 ᠴᠠᠭ᠃ ᠡᠬᠡᠳᠡᠭᠰᠡᠨ ᠰᠦ ᠤᠤᠭᠤᠨ᠎ᠠ᠃ ᠡᠳᠦᠷ ᠪᠦᠷ ᠭᠤᠷᠪᠡᠨ ᠡᠷᠡᠨ ᠤ ᠬᠤᠭᠤᠯᠠᠨ ᠤ ᠲᠤᠮᠳᠠ ᠡᠬᠡᠳᠡᠭᠰᠡᠨ ᠰᠦ ᠤᠤᠭᠤᠪᠠᠯ ᠵᠢᠷᠦᠬᠡᠨ ᠤ ᠡᠷᠡᠬᠦᠯ ᠮᠡᠨᠳᠦ ᠳᠤ ᠰᠠᠶᠢᠨ ᠪᠦᠬᠡᠳ ᠴᠢᠰᠦᠨ ᠰᠢᠬᠢᠷ ᠤᠨ ᠬᠡᠮᠵᠢᠶ᠎ᠡ ᠶᠢ ᠲᠤᠬᠳᠠᠪᠤᠷᠢᠳᠠᠢ ᠪᠤᠯᠭᠠᠵᠤ ᠲᠡᠶᠢᠯᠦᠨ᠎ᠡ᠃     17᠄ 00 ~19᠄ 00 ᠴᠠᠭ᠃ ᠪᠡᠶ᠎ᠡ ᠪᠤᠯᠪᠠᠰᠤᠷᠠᠬᠤ ᠴᠠᠭ ᠪᠤᠯᠤᠨ᠎ᠠ᠃ ᠡᠨᠡᠬᠦ ᠴᠠᠭ ᠲᠤ ᠪᠡᠶ᠎ᠡ ᠶᠢᠨ ᠪᠤᠯᠪᠠᠰᠤᠷᠠᠯ ᠬᠢᠬᠦ ᠬᠠᠮᠤᠭ ᠤᠨ ᠲᠤᠬᠢᠷᠠᠮᠵᠢᠳᠠᠢ ᠦᠶ᠎ᠠ ᠮᠦᠨ᠃     19᠄ 30 ᠴᠠᠭ᠃ ᠤᠷᠤᠢ ᠶᠢᠨ ᠬᠤᠭᠤᠯᠠ ᠪᠠᠨ ᠪᠠᠭ᠎ᠠ ᠰᠢᠬ ᠢᠳᠡᠬᠡᠷᠡᠢ᠃ ᠤᠷᠤᠢ ᠶᠢᠨ ᠬᠤᠭᠤᠯᠠ ᠪᠠᠨ ᠠᠷᠪᠢᠨ ᠢᠳᠡᠪᠡᠯ ᠴᠢᠰᠦᠨ ᠰᠢᠬᠢᠷ ᠤᠨ ᠬᠡᠮᠵᠢᠶ᠎ᠠ ᠦᠨᠳᠦᠷᠵᠢᠵᠦ ᠰᠢᠩᠬᠡᠬᠡᠯᠳᠡ ᠶᠢᠨ ᠰᠢᠰᠲ᠋ᠧᠮ ᠤᠨ ᠲᠠᠷᠤᠭᠠᠰᠦ ᠶᠢ ᠬᠦᠳᠦᠷᠡᠬᠦᠯᠵᠦ᠂ ᠤᠨᠳᠠᠯᠭ᠎ᠠ ᠶᠢ ᠴᠤ ᠨᠦᠯᠦᠬᠡᠯᠡᠨ᠎ᠡ᠃ ᠤᠷᠤᠢ ᠶᠢᠨ ᠬᠤᠭᠤᠯᠠᠨ ᠳᠠᠭᠠᠨ ᠰᠢᠨ᠎ᠡ ᠰᠤᠷᠭᠤᠭ ᠨᠤᠭᠤᠭ᠎ᠠ ᠢᠯᠡᠬᠦᠬᠡᠨ ᠢᠳᠡᠵᠦ᠂ ᠢᠯᠴᠢ ᠶᠢᠨ ᠬᠡᠮᠵᠢᠶ᠎ᠡ ᠶᠡᠭᠡ᠂ ᠤᠭᠤᠷᠠᠭ ᠶᠡᠬᠡᠳᠡᠢ ᠢᠳᠡᠬᠡᠨ ᠢ ᠪᠠᠭ᠎ᠠ ᠢᠳᠡᠬᠡᠷᠡᠢ᠃     21᠄ 45 ᠴᠠᠭ᠃ ᠠᠮᠠᠷᠠᠵᠦ ᠰᠡᠯᠡᠬᠦᠦ ᠰᠠᠭᠤᠬᠤ ᠦᠶ᠎ᠡ᠃ ᠡᠨᠡ ᠦᠶ᠎ᠡ ᠳᠤ ᠲᠧᠯᠸᠢᠰ ᠦᠵᠡᠬᠦ᠂ ᠨᠤᠮ ᠦᠵᠡᠬᠦ ᠵᠡᠷᠬᠡ ᠪᠠᠷ ᠦᠪᠡᠷ ᠢ ᠪᠠᠨ ᠰᠡᠯᠡᠬᠦᠦ ᠪᠠᠶᠢᠯᠭᠠᠪᠠᠯ ᠤᠷᠤᠢ ᠶᠢᠨ ᠤᠨᠳᠠᠯᠭ᠎ᠠ ᠶᠢ ᠠᠬᠢᠭᠤᠯᠬᠤ ᠦᠢᠯᠡᠳᠦᠯ ᠲᠠᠢ᠃     23᠄ 00 ᠴᠠᠭ᠃ ᠪᠡᠶ᠎ᠡ ᠪᠠᠨ ᠬᠠᠯᠠᠭᠤᠨ ᠤᠰᠤ ᠪᠠᠷ ᠤᠬᠢᠶᠠᠨ᠎ᠠ᠃ ᠤᠨᠳᠠᠬᠤ ᠠᠴᠠ ᠪᠠᠨ ᠡᠮᠦᠨ᠎ᠡ ᠪᠡᠶ᠎ᠡ ᠪᠠᠨ ᠬᠠᠯᠠᠭᠤᠨ ᠤᠰᠤ ᠪᠠᠷ ᠤᠬᠢᠶᠠᠪᠠᠯ ᠤᠨᠳᠠᠯᠭ᠎ᠠ ᠶᠢ ᠠᠬᠢᠭᠤᠯᠬᠤ ᠦᠢᠯᠡᠳᠦᠯ ᠲᠠᠢ ᠪᠠᠶᠢᠳᠠᠭ᠃     23᠄ 30 ᠴᠠᠭ᠃ ᠤᠨᠳᠠᠨ᠎ᠠ᠃ ᠲᠤᠮᠤᠴᠤᠤᠯ ᠨᠠᠭᠠᠳᠦ ᠵᠠᠬ᠎ᠠ ᠳᠠᠭᠠᠨ ᠪᠦᠳᠦᠨ 8 ᠴᠠᠭ ᠤᠨᠳᠠᠬᠤ ᠶᠢ ᠪᠠᠳᠤᠯᠠᠬᠤ ᠬᠡᠷᠡᠭᠳᠡᠢ᠃ ᠬᠡᠷᠪᠡ 7᠄ 30 ᠴᠠᠭ ᠲᠤ ᠪᠤᠰᠳᠠᠭ ᠪᠤᠯ ᠡᠨᠡ ᠦᠶᠡᠰ ᠤᠨᠳᠠᠪᠠᠯ ᠬᠠᠮᠤᠭ ᠤᠨ ᠲᠤᠬᠢᠷᠠᠮᠵᠢᠳᠠᠢ ᠪᠠᠶᠢᠳᠠᠭ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号