11 ᠰᠠᠷ᠎ᠠ ᠶᠢᠨ 1᠎ ᠤ ᠡᠳᠤᠷ ᠠᠴᠠ ᠡᠬᠢᠯᠡᠨ ᠬᠡᠷᠡᠭᠵᠢᠬᠦᠯᠬᠦ ᠰᠢᠨ᠎ᠠ ᠲᠤᠭᠲᠠᠭᠠᠯ᠄ ᠲᠠᠭᠠᠳᠬᠠᠯ ᠤᠨ ᠦᠢᠯᠡᠰ ᠲᠤ《 ᠬᠤᠤᠰ ᠰᠢᠩᠭᠡᠭᠡᠯᠳᠡ》᠎ ᠶᠢ ᠬᠡᠷᠡᠭᠵᠢᠬᠦᠯᠤᠨ ᠬᠡᠷᠡᠭᠯᠡᠭᠴᠢᠳ ᠢ ᠤᠯᠠᠮ ᠰᠠᠶᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2017/10/30
        ᠦᠢᠷ᠎ᠠ ᠳᠤ᠂ ᠲᠠᠭᠠᠳᠬᠠᠯ ᠤᠨ ᠦᠢᠯᠡᠰ ᠤᠨ ᠬᠢᠨᠠᠨ ᠬᠠᠮᠢᠶᠠᠷᠬᠤ ᠵᠦᠪᠯᠡᠯ ᠤᠨ ᠠᠯᠪᠠᠨ ᠲᠠᠯ᠎ᠠ ᠶᠢᠨ ᠰᠦᠯᠵᠢᠶ᠎ᠠ‌ᠮᠡᠳᠡᠭᠳᠡᠯ ᠨᠡᠶᠢᠳᠡᠯᠡᠵᠤ ᠬᠡᠯᠡᠬᠦ ᠳᠡᠭᠡᠨ᠂ ᠲᠤᠮᠳᠠᠳᠤ ᠤᠯᠤᠰ ᠤᠨ ᠲᠠᠭᠠᠳᠬᠠᠯ ᠤᠨ ᠦᠢᠯᠡᠰ ᠤᠨ ᠬᠢᠨᠠᠨ ᠬᠠᠮᠢᠶᠠᠷᠬᠤ ᠵᠦᠪᠯᠡᠯ ᠦᠢᠷ᠎ᠠ ᠳᠤ《ᠲᠠᠭᠠᠳᠬᠠᠯ ᠤᠨ ᠪᠤᠷᠤᠯᠠᠭᠤᠯᠭ᠎ᠠ ᠶᠢᠨ ᠦᠢᠯᠠ ᠠᠵᠢᠯᠯᠠᠭ᠎ᠠ ᠶᠢ ᠦᠭᠰᠦᠬᠦᠯᠦᠨ ᠪᠠᠶᠢᠴᠠᠭᠠᠵᠤ ᠪᠤᠯᠬᠤ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ》 ︵ᠲᠤᠷᠤᠬᠰᠢ《ᠠᠷᠭ᠎ᠠ》ᠭᠡᠵᠤ ᠲᠤᠪᠴᠢᠯᠠᠨ᠎ᠠ︶  ᠵᠢ‌ᠨᠠᠶᠢᠲᠡᠯᠡᠪᠡ᠂《ᠠᠷᠭ᠎ᠠ》᠎ ᠨᠢ ᠲᠠᠭᠠᠳᠬᠠᠯ ᠤᠨ ᠺᠤᠮᠫᠠᠨᠢ᠂ ᠲᠠᠭᠠᠳᠬᠠᠯ ᠤᠨ ᠵᠠᠭᠤᠴᠢ ᠪᠠᠶᠢᠭᠤᠯᠦᠮᠵᠢ ᠶᠢᠨ ᠲᠠᠭᠠᠳᠬᠠᠯ ‍ᠤᠨ‌‍ᠪᠤᠷᠤᠯᠠᠭᠤᠯᠭ᠎ᠠ ᠶᠢᠨ ᠦᠢᠯᠡ ᠠᠵᠢᠯᠯᠠᠭ᠎ᠠ ᠶᠢ ᠦᠭᠰᠦᠬᠦᠯᠦᠨ ᠪᠠᠶᠢᠴᠠᠭᠠᠵᠤ ᠪᠤᠯᠬᠤ ᠬᠠᠮᠢᠶ᠋ᠷᠤᠯᠳᠠ ᠪᠠᠷ ᠲᠡᠮᠵᠢᠭᠤᠯᠤᠨ᠂ᠲᠠᠭᠠᠳᠬᠠᠯ ᠪᠤᠷᠤᠯᠠᠭᠤᠯᠬᠤ ᠶᠠᠪᠤᠴᠠ ᠶᠢᠨ ᠵᠠᠩᠬᠢᠯᠠᠭ᠎ᠠ ᠶᠢᠨ ᠭᠤᠭᠴᠤᠭ᠎ᠠ ᠎ ᠶᠢ ᠲᠡᠮᠳᠡᠭᠯᠡᠨ ᠬᠠᠳᠠᠭᠠᠯᠠᠵᠤ᠂  ᠪᠤᠷᠤᠯᠠᠭᠤᠯᠭ᠎ᠠ ᠵᠢᠨ‌ᠦᠢᠯᠡ ᠠᠵᠢᠯᠯᠠᠭ᠎ᠠ ᠶᠢ ᠡᠷᠬᠢᠵᠤ ᠦᠵᠡᠵᠤ ᠪᠤᠯᠬᠤ᠂ ᠴᠢᠬᠤᠯᠠ ᠮᠡᠳᠡᠭᠡ ᠵᠠᠩᠬᠢ ᠶᠢ ᠪᠠᠶᠢᠴᠠᠭᠠᠨ ᠯᠠᠪᠯᠠᠵᠤ ᠪᠤᠯᠬᠤ᠂ ᠠᠰᠠᠭᠤᠳᠠᠯ ᠬᠠᠷᠢᠭᠤᠴᠠᠯᠭ᠎ᠠ ᠶᠢ ᠨᠤᠳᠠᠯᠠᠵᠤ ᠪᠤᠯᠬᠤ ᠶᠢ ᠪᠡᠶᠡᠯᠡᠬᠦᠯᠬᠦ ᠪᠤᠯᠤᠨ᠎ᠠ᠃ ᠲᠤᠰ ᠠᠷᠭ᠎ᠠ ᠶᠢ 2017 ᠤᠨ ᠤ 11 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠤᠨ᠎ᠠ ᠭᠡᠵᠠᠢ᠃ ᠬᠤᠤᠰ ᠰᠢᠩᠭᠡᠭᠡᠯᠳᠡ ᠬᠡᠳᠡᠭ ᠨᠢ ᠳᠠᠭᠠᠳᠬᠠᠭᠤᠯᠬᠤ ᠦᠶ᠎ᠠ ᠳᠤ ᠲᠠᠭᠤ ᠰᠢᠩᠭᠡᠭᠡᠵᠤ ᠲᠦᠷᠰᠤ ᠰᠢᠩᠭᠡᠭᠡᠬᠦ ᠶᠢ ᠬᠡᠯᠡᠨ᠎ᠡ᠃ ᠬᠤᠶᠠᠷ ᠵᠦᠢᠯ ᠤᠨ ᠲᠡᠮᠳᠡᠭᠯᠡᠬᠦ ᠠᠷᠭ᠎ᠠ ᠮᠠᠶ᠋ᠢᠭ ᠪᠠᠶᠢᠳᠠᠭ᠄ ᠨᠢᠭᠡ  ᠎ ᠳᠤ ᠲᠠᠭᠤ ᠰᠢᠩᠭᠡᠭᠡᠬᠦ᠂ ᠲᠦᠷᠰᠤ ᠰᠢᠩᠭᠡᠭᠡᠬᠦ ᠶᠢ ᠢᠵᠢᠯ ᠠᠯᠬᠤᠮ ᠢᠶᠠᠷ  ᠶᠠᠪᠤᠭᠤᠯᠤᠨ᠎ᠠ᠃  ᠬᠤᠶᠠᠷ ᠲᠤ ᠲᠠᠭᠤ ᠰᠢᠩᠭᠡᠭᠡᠬᠦ᠂  ᠵᠢᠷᠤᠭ ᠲᠠᠳᠠᠬᠤ᠂ ᠲᠠᠭᠠᠳᠬᠠᠭᠤᠯᠬᠤ ᠢᠯᠡᠷᠭᠡᠶᠢᠯᠡᠯᠳᠡ ᠶᠢᠨ ᠪᠢᠴᠢᠭ ᠢ ᠢᠵᠢᠯ ᠠᠯᠬᠤᠮ ᠢᠶᠠᠷ ᠴᠤᠭᠯᠠᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号